ᠮᠠᠨ ᠤ ᠬᠤᠲᠠ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠡᠳ᠋ ᠤᠨ ᠬᠦᠴᠦᠨ ᠤ ᠳᠡᠮᠵᠢᠯᠭᠡ ᠪᠠᠲᠤᠯᠠᠭ᠎ᠠ ᠬᠠᠩᠭᠠᠪᠠ
ᠨᠡᠶᠢᠲᠡᠯᠡᠭᠰᠡᠨ ᠴᠠᠭ᠄
2023/2/21
      ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠬᠠᠨ ᠮᠢᠨ︶ ᠨᠢᠳᠤᠨᠤᠨ᠂ ᠣᠷᠣᠨ ᠤ ᠲᠥᠪ ᠤᠨ ᠡᠳ᠋ ᠤᠨ ᠵᠠᠰᠠᠭ ᠵᠠᠷᠤᠯᠭ᠎ᠠ ᠶᠢᠨ ᠪᠦᠲᠦᠴᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠳᠠᠭᠠᠨ ᠰᠢᠨ᠎ᠡ ᠶᠢ ᠡᠭᠦᠳᠴᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠵᠠᠷ ᠰᠢᠷᠣᠢ ᠬᠤᠳᠠᠯᠳᠤᠭᠰᠠᠨ ᠣᠷᠣᠯᠭ᠎ᠠ ᠪᠠᠷ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠳᠡᠮᠵᠢᠵᠦ᠂ ᠨᠡᠩ ᠣᠯᠠᠨ ᠡᠳ᠋ ᠤᠨ ᠬᠦᠴᠦᠨ ᠢᠶᠠᠨ ᠭᠠᠷᠭᠠᠵᠤ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠪᠠᠲᠤᠯᠠᠵᠤ᠂ ᠪᠥᠬᠦ ᠵᠢᠯ ᠤᠨ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠳᠣᠲᠣᠷ᠎ᠠ᠂ ᠲᠠᠷᠢᠶᠠᠯᠠᠩ ᠣᠶ ᠰᠢᠭᠤᠢ ᠤᠰᠤᠨ ᠤ ᠵᠦᠢᠯᠡᠰ ᠤᠨ ᠵᠠᠷᠤᠯᠭ᠎ᠠ 37.14 ᠳ᠋ᠦᠩᠰᠢᠭᠤᠷ ᠲᠥᠭᠦᠷᠢᠭ ᠲᠤ ᠬᠦᠷᠴᠦ᠂ ︽  ᠪᠦᠷᠢᠨ ᠴᠢᠳᠠᠮᠵᠢᠲᠦ ᠺᠠᠷᠲ︾ ᠢᠶᠠᠷ ᠳᠠᠮᠵᠢᠭᠤᠯᠤᠨ ᠲᠠᠷᠢᠶᠠᠯᠠᠩ᠂ ᠣᠶ ᠰᠢᠭᠤᠢ ᠶᠢᠨ ᠨᠥᠬᠦᠪᠦᠷᠢ ᠪᠡᠯᠡ ᠮᠥᠩᠭᠦ 8.24 ᠳ᠋ᠦᠩᠰᠢᠭᠤᠷ ᠲᠥᠭᠦᠷᠢᠭ ᠲᠠᠷᠬᠠᠭᠠᠵᠤ᠂ ᠠᠮᠤ ᠪᠤᠳᠠᠭᠠᠨ ᠤ ᠠᠶᠤᠯᠭᠦᠢ᠂ ᠪᠣᠬᠢᠷᠳᠤᠯ ᠦᠭᠡᠢ ᠠᠮᠢ ᠠᠬᠤᠢ᠂ ᠠᠵᠤ ᠦᠢᠯᠡᠰ ᠤᠨ ᠬᠥᠭᠵᠢᠯᠲᠡ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠲᠠᠯ᠎ᠠ ᠪᠠᠷ ᠭᠤᠣᠯᠳᠠᠯᠭ᠎ᠠ ᠪᠣᠯᠭᠠᠨ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠪᠥᠬᠦ ᠲᠠᠯ᠎ᠠ ᠶᠢᠨ ᠡᠳ᠋ ᠤᠨ ᠬᠦᠴᠦᠨ ᠤ ᠳᠡᠮᠵᠢᠯᠭᠡ ᠪᠠᠲᠤᠯᠠᠭ᠎ᠠ ᠬᠠᠩᠭᠠᠪᠠ᠃      ᠨᠢᠳᠤᠨᠤᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠬᠥᠭᠵᠢᠯᠲᠡ ᠶᠢᠨ ᠪᠡᠯᠡ ᠮᠥᠩᠭᠦ ᠵᠢᠴᠢ ᠪᠡᠯᠡ ᠮᠥᠩᠭᠦ ᠶᠢ ᠵᠣᠯᠭᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠪᠡᠯᠡ ᠮᠥᠩᠭᠦ ᠶᠢ 2.5 ᠳ᠋ᠦᠩᠰᠢᠭᠤᠷ ᠲᠥᠭᠦᠷᠢᠭ ᠪᠠᠭᠤᠯᠭᠠᠵᠤ᠂ ᠠᠵᠤ ᠦᠢᠯᠡᠰ ᠤᠨ ᠬᠥᠭᠵᠢᠯᠲᠡ ᠶᠢ ᠳᠣᠪᠣᠶᠢᠯᠭᠠᠨ ᠰᠠᠶᠢᠲᠤᠷ ᠠᠳᠬᠤᠪᠠ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠤᠨᠢ ᠠᠭᠤᠯᠠ᠂ ᠴᠡᠯᠡᠭᠡᠷ ᠲᠠᠯ᠎ᠠ  ᠶᠢᠨ ᠣᠨᠴᠠᠯᠢᠭᠲᠤ ᠲᠠᠷᠢᠶᠠᠯᠠᠩ ᠬᠥᠳᠡᠭᠡ ᠲᠣᠰᠬᠤᠨ ᠤ ᠡᠬᠢ ᠪᠠᠶᠠᠯᠢᠭ ᠲᠤ ᠲᠦᠰᠢᠭᠯᠡᠨ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠴᠠᠭᠠᠨ ᠢᠳᠡᠭᠡᠨ᠂ ᠲᠥᠮᠥᠰᠥ᠂ ᠨᠣᠬᠠᠢ ᠶᠢᠨ ᠬᠤᠰᠢᠭᠤ᠂ ᠬᠤᠳᠠ ᠶᠢᠨ ᠲᠡᠬᠦᠷᠭᠡ ᠶᠢᠨ ᠵᠢᠮᠢᠰ ᠨᠣᠭᠤᠭ᠎ᠠ ᠵᠡᠷᠭᠡ ᠬᠦᠷᠢᠶᠡᠨ ᠤ ᠲᠣᠯᠣᠭᠠᠶᠢᠯᠠᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠤᠲᠤᠭ ᠤᠰᠤᠨ ᠤ ᠡᠬᠢ ᠪᠠᠶᠠᠯᠢᠭ ᠢ ᠭᠦᠨ ᠠᠭᠤᠳᠠᠯᠵᠤ᠂ ᠤᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰᠵᠢᠯᠲᠡ᠂ ᠲᠥᠷᠥᠯ ᠲᠡᠮᠳᠡᠭᠲᠦ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ︽ᠵᠠᠭᠤᠨ ᠰᠢᠶᠠᠨ ᠮᠢᠩᠭᠠᠨ ᠰᠢᠶᠠᠩ ᠲᠦᠮᠡᠨ ᠲᠣᠰᠬᠤᠨ︾ ᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠠᠯᠢ ᠪᠣᠯᠬᠤ ᠪᠠᠷ ᠨᠡᠮᠡᠭᠳᠡᠭᠦᠯᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ