ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠠᠬᠢᠴᠠ ᠰᠠᠶᠢᠲᠠᠢ ᠪᠠᠶᠢᠨ᠎ᠠ
ᠨᠡᠶᠢᠲᠡᠯᠡᠭᠰᠡᠨ ᠴᠠᠭ᠄
2023/2/21
20230221.jpg
      2 ᠳ᠋ᠤᠭᠠᠷ ᠰᠠᠷ᠎ᠠ ᠶᠢᠨ 8 ᠤ ᠡᠳᠦᠷ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠭᠰᠡᠨ ᠤ ᠳᠠᠷᠠᠭ᠎ᠠ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠤᠨ ᠨᠢᠭᠡᠳᠦᠭᠡᠷ ᠳᠠᠭᠠᠭᠠᠴᠢᠯᠠᠯᠲᠠ ᠶᠢᠨ ᠬᠡᠰᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠨᠠᠢᠮᠠᠳᠤᠭᠠᠷ ᠲᠣᠪᠴᠢᠶ᠎ᠠ ᠶᠢᠨ ᠪᠠᠷᠠᠭᠤᠨ ᠬᠤᠶᠢᠲᠤ ᠶᠢᠨ ᠺᠣᠮᠫᠠᠨᠢ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠦᠢᠯᠡᠳᠪᠦᠷᠢᠯᠡᠯ ᠢᠶᠠᠨ ᠪᠡᠶᠡᠯᠡᠭᠦᠯᠬᠦ ᠳᠤ ︽ᠬᠤᠷᠳᠤᠳᠬᠠᠯ︾ ᠭᠠᠷᠭᠠᠪᠠ᠃      ᠣᠲᠣ ᠪᠣᠯᠲᠠᠯ᠎ᠠ᠂ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠤᠨ ᠭᠤᠣᠯ ᠴᠣᠭᠴᠠ ᠶᠢᠨ ᠪᠦᠲᠦᠴᠡ ᠶᠢ ᠨᠢᠭᠡᠨᠲᠡ ᠪᠠᠷᠢᠵᠤ ᠳᠠᠭᠤᠰᠬᠠᠭᠠᠳ᠂ ᠥᠩᠭᠡᠨ ᠬᠡᠷᠡᠮ ᠤᠨ ᠪᠠᠷᠢᠯᠭ᠎ᠠ᠂ ᠭᠡᠷ ᠤᠨ ᠣᠷᠣᠢ ᠶᠢᠨ ᠪᠠᠷᠢᠯᠭ᠎ᠠ᠂ ᠬᠤᠶᠠᠳᠠᠭᠢ ᠤᠳᠠᠭᠠᠨ ᠤ ᠪᠦᠲᠦᠴᠡ᠂ ᠮᠠᠰᠢᠨ ᠴᠠᠬᠢᠯᠭᠠᠨ ᠤ ᠤᠭᠰᠠᠷᠠᠯᠲᠠ ᠵᠡᠷᠭᠡ ᠶᠢ ᠰᠣᠯᠪᠢᠴᠠᠭᠤᠯᠤᠨ ᠪᠠᠷᠢᠵᠤ᠂ ᠨᠡᠶᠢᠲᠡ 20 ᠭᠠᠷᠤᠢ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠡᠢ᠃ ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ