︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠡᠾᠧᠪᠸᠢ ᠶᠢᠨ ᠴᠧᠩ ᠰᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠦ ᠰᠢᠶᠠᠨ ᠶᠢᠩ ᠨᠠᠷ ᠲᠠᠢ ᠠᠭᠤᠯᠵᠠᠪᠠ᠃ | | ᠪᠣᠣ ᠭᠠᠩ ᠴᠦ ᠰᠢᠶᠠᠨ ᠶᠢᠩ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠮᠠᠨ ᠤ ᠬᠤᠳᠠ ᠶᠢᠨ | ᠣᠷᠣᠨ ᠪᠠᠶᠢᠷᠢ᠂ ᠠᠵᠤ ᠦᠢᠯᠡᠰ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ ᠢ ᠲᠠᠨᠢᠯᠴᠠᠭᠤᠯᠬᠤ ᠶᠢᠨ ᠬᠠᠮᠲᠤ᠂ ᠠᠵᠤ ᠠᠬᠤᠶᠢᠯᠠᠯ ᠲᠠᠢ ᠬᠠᠮᠲᠤ ᠪᠠᠷ ᠲᠦᠷᠦᠯ ᠵᠦᠢᠯ ᠢ | ᠲᠥᠰᠥᠪᠯᠡᠨ᠂ ᠬᠠᠮᠲᠤᠷᠠᠯᠴᠠᠭ᠎ᠠ ᠶᠢ ᠡᠷᠢᠯᠬᠢᠯᠡᠪᠡ᠃ ᠲᠡᠷᠡ ᠬᠡᠯᠡᠬᠦ ᠳᠡᠭᠡᠨ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠪᠣᠯ ᠬᠥᠬᠡᠬᠤᠲᠠ ᠶᠢᠨ | ᠪᠣᠶᠢᠵᠢᠭᠤᠯᠤᠨ ᠪᠤᠵᠠᠭᠠᠶᠢᠷᠠᠭᠤᠯᠵᠤ ᠪᠠᠶᠢᠭ᠎ᠠ ︽ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ︾ ᠤᠨ ᠨᠢᠭᠡ ᠪᠣᠯᠣᠨ᠎ᠠ᠂ ᠮᠠᠨ ᠤ ᠬᠥᠭᠵᠢᠯᠲᠡ ᠶᠢᠨ ᠴᠢᠭᠯᠡᠯ ᠪᠣᠯ ᠳᠡᠭᠡᠳᠦ | ᠳᠡᠰᠴᠢᠯᠡᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠪᠣᠯᠭᠠᠬᠤ ᠪᠣᠯᠣᠨ᠎ᠠ᠂ ᠣᠳᠣᠬᠠᠨ ᠳᠤ ᠨᠢᠭᠡᠨᠲᠡ ᠴᠢᠯᠠᠭᠤᠨ ᠲᠣᠰᠣ ᠪᠣᠯᠪᠠᠰᠤᠷᠠᠭᠤᠯᠬᠤ ᠬᠢᠮᠢ ᠶᠢᠨ ᠠᠵᠤ ᠦᠢᠯᠡᠳᠪᠦᠷᠢ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠢ ᠪᠦᠷᠢᠯᠳᠦᠭᠦᠯᠵᠡᠢ᠃ | ᠤᠲᠤ ᠶᠢᠨ ᠪᠠᠶᠢᠭ᠎ᠠ ᠵᠢᠦ ᠲᠠᠢ᠂ ᠰᠢᠦᠢ ᠶᠠᠩ ᠵᠡᠷᠭᠡ ᠲᠣᠮᠣ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠬᠥᠬᠡᠬᠤᠲᠠ ᠳᠤ ᠦᠷᠭᠦᠯᠵᠢᠯᠡᠭᠦᠯᠬᠦ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠢᠶᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠱᠠᠯᠠᠪᠳᠠᠨ ᠠᠬᠢᠭᠤᠯᠵᠤ᠂ ᠬᠥᠭᠵᠢᠯᠲᠡ ᠶᠢᠨ ᠢᠷᠡᠭᠡᠳᠦᠢ ᠮᠠᠰᠢ | ᠰᠠᠶᠢᠨ ᠪᠠᠶᠢᠨ᠎ᠠ᠃ ᠴᠧᠩ ᠰᠢᠨ ᠪᠦᠯᠦᠭᠯᠡᠯ ᠪᠠᠰᠠ ᠬᠥᠬᠡᠬᠤᠲᠠ ᠶᠢᠨ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠳᠤ ᠣᠷᠣᠯᠴᠠᠵᠤ᠂ | ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠵᠤ᠂ ᠨᠡᠩ ᠶᠡᠭᠡ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠨᠦᠯᠦᠭᠡ ᠶᠢ ᠪᠤᠢ ᠪᠣᠯᠭᠠᠬᠤ ᠶᠢ ᠬᠦᠰᠡᠵᠦ ᠪᠠᠶᠢᠨ᠎ᠠ᠃ | ᠪᠢᠳᠡ ᠳᠤᠷᠠᠲᠠᠶ᠎ᠠ ᠠᠵᠤ ᠠᠬᠤᠶᠢᠯᠠᠯ ᠲᠠᠢ ᠬᠠᠮᠲᠤᠪᠠᠷ ᠴᠢᠷᠮᠠᠶᠢᠨ ᠲᠦᠷᠦᠯ ᠵᠦᠢᠯ ᠢ ᠬᠥᠬᠡᠬᠤᠲᠠ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠢ ᠦᠨᠳᠦᠰᠦ | ᠬᠠᠳᠬᠤᠭᠤᠯᠤᠨ ᠪᠠᠶᠠᠵᠢᠭᠤᠯᠵᠤ᠂ ᠣᠷᠣᠨ ᠨᠤᠲᠤᠭ ᠢ ᠦᠷᠭᠦᠯᠵᠢᠯᠡᠨ ᠬᠥᠭᠵᠢᠭᠦᠯᠦᠨ᠎ᠡ ᠭᠡᠵᠡᠢ᠃ | ᠴᠦ ᠰᠢᠶᠠᠨ ᠶᠢᠩ ᠬᠡᠯᠡᠭᠰᠡᠨ ᠨᠢ᠂ ᠡᠨᠡ ᠤᠳᠠᠭ᠎ᠠ ᠶᠢᠨ ᠠᠶᠢᠯᠴᠢᠯᠠᠯᠲᠠ ᠪᠠᠷ ᠬᠥᠬᠡᠬᠤᠲᠠ ᠶᠢᠨ ᠠᠵᠤ ᠦᠢᠯᠡᠰ ᠢ ᠠᠳᠬᠤᠬᠤ᠂ ᠲᠥᠷᠥᠯ ᠵᠦᠢᠯ ᠢ ᠰᠦᠪᠡᠭᠴᠢᠯᠡᠬᠦ᠂ | ᠬᠥᠭᠵᠢᠯᠲᠡ ᠶᠢ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠢᠯᠡᠬᠡᠨ ᠮᠡᠳᠡᠷᠡᠯ᠎ᠡ᠃ ᠴᠧᠩ ᠰᠢᠨ ᠪᠦᠯᠦᠭᠯᠡᠯ ᠨᠢ ᠪᠦᠬᠦ ᠤᠯᠤᠰ ᠤᠨ ᠴᠢᠯᠠᠭᠤᠨ ᠲᠤᠰᠤᠨ ᠤ ᠬᠢᠮᠢ ᠶᠢᠨ ᠠᠵᠤ | ᠦᠢᠯᠡᠳᠪᠦᠷᠢ ᠶᠢᠨ 500 ᠬᠦᠴᠦᠷᠬᠡᠭ ᠠᠵᠤ ᠠᠬᠤᠶᠢᠯᠠᠯ ᠪᠣᠯᠤᠭᠰᠠᠨ ᠤ ᠬᠤᠪᠢ ᠳᠤ ᠨᠠᠷᠢᠯᠢᠭ ᠬᠢᠮᠢ ᠶᠢᠨ ᠦᠢᠯᠡᠳᠬᠦᠨ ᠦᠢᠯᠡᠳᠬᠦ᠂ ᠰᠤᠳᠤᠯᠤᠨ ᠨᠡᠭᠡᠭᠡᠬᠦ᠂ ᠮᠡᠷᠭᠡᠵᠢᠯ ᠤᠨ | ᠦᠢᠯᠡᠴᠢᠯᠡᠭᠡ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠬᠥᠭᠵᠢᠯᠲᠡ ᠶᠢᠨ ᠴᠢᠭᠯᠡᠯ ᠪᠣᠯᠣᠨ ᠠᠵᠤ ᠦᠢᠯᠡᠰ ᠤᠨ ᠪᠠᠶᠢᠷᠢᠰᠢᠭᠤᠯᠤᠯᠲᠠ ᠲᠠᠢ | ᠤᠶᠠᠯᠳᠤᠭᠤᠯᠵᠤ᠂ ᠬᠠᠮᠲᠤᠷᠠᠯᠴᠠᠭ᠎ᠠ ᠪᠠᠨ ᠭᠦᠨᠵᠡᠭᠡᠢ ᠲᠥᠯᠥᠪᠵᠢᠭᠦᠯᠵᠦ᠂ ᠡᠨᠡᠬᠦ ᠪᠡᠯᠡ ᠣᠷᠣᠭᠤᠯᠵᠤ ᠦᠢᠯᠡᠰ ᠪᠣᠰᠬᠠᠬᠤ ᠬᠠᠯᠠᠭᠤᠨ ᠬᠥᠷᠥᠰᠥᠨ ᠳᠤ ᠡᠷᠲᠡᠬᠡᠨ ᠦᠨᠳᠦᠰᠦ | ᠬᠠᠳᠬᠤᠵᠤ᠂ ᠴᠡᠴᠡᠭᠯᠡᠨ ᠵᠢᠮᠢᠰᠯᠡᠬᠦ ᠪᠠᠷ ᠴᠢᠷᠮᠠᠶᠢᠨ᠎ᠠ ᠭᠡᠵᠡᠢ᠃ | ᠬᠤᠲᠠ ᠶᠢᠨ ᠤᠳᠤᠷᠢᠳᠤᠯᠭ᠎ᠠ ᠯᠢᠦ ᠵᠢᠢ ᠶᠢᠩ᠂ ᠯᠢ ᠰᠢᠶᠣᠣ ᠶᠠᠨ ᠠᠭᠤᠯᠵᠠᠯᠲᠠ ᠳᠤ ᠣᠷᠣᠯᠴᠠᠪᠠ |