ᠮᠠᠨ ᠤ ᠬᠤᠲᠠ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/24
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠪᠠ       ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠮᠦᠽᠧᠢ ᠶᠢᠨ ᠲᠤᠰᠬᠠᠢ ᠮᠡᠷᠭᠡᠵᠢᠯᠲᠡᠨ᠂ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠵᠢᠴᠢ ᠰᠣᠶᠣᠯ ᠤᠨ ᠪᠦᠲᠦᠭᠡᠯᠴᠢ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ᠂ ᠰᠣᠶᠣᠯ ᠤᠨ ᠵᠠᠭᠤᠴᠢᠯᠠᠭᠤᠷ ᠵᠡᠷᠭᠡ ᠬᠦᠷᠢᠶᠡᠨ ᠤ 18 ᠲᠥᠯᠥᠭᠡᠯᠡᠭᠴᠢ ᠬᠤᠳᠠ ᠶᠢᠨ ᠵᠣᠷᠢᠭ ᠰᠠᠨᠠᠭᠠᠨ ᠤ ᠠᠭᠤᠯᠤᠭᠳᠠᠬᠤᠨ ᠢ ᠠᠭᠤᠳᠠᠯᠬᠤ᠂ ᠬᠤᠳᠠ ᠶᠢᠨ ᠰᠣᠶᠣᠯ ᠤᠨ IP ᠶᠢ ᠡᠭᠦᠳᠬᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠵᠡᠷᠭᠡ ᠶᠢᠨ ᠲᠣᠭᠤᠷᠢᠨ ᠳᠤ ᠦᠵᠡᠯᠲᠡ ᠪᠠᠨ ᠶᠠᠷᠢᠵᠤ᠂ ᠰᠡᠳᠬᠢᠴᠡ ᠪᠠᠨ ᠶᠠᠷᠢᠵᠤ᠂ ᠰᠠᠨᠠᠭᠤᠯᠭ᠎ᠠ ᠳᠤᠷᠠᠳᠪᠠ᠃      ᠪᠣᠣ ᠭᠠᠩ ᠰᠣᠨᠣᠰᠬᠤ ᠶᠢᠨ ᠳᠠᠭᠠᠤ ᠲᠡᠮᠳᠡᠭᠯᠡᠯ ᠬᠢᠵᠦ᠂ ᠤᠯᠠᠨ ᠲᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠠᠭᠤᠰᠤᠯᠴᠠᠭᠰᠠᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠳᠤᠲᠠᠭᠳᠠᠯ ᠢ ᠨᠠᠷᠢᠨ ᠬᠢᠨᠠᠮᠠᠭᠠᠢ ᠵᠠᠳᠠᠯᠬᠤ ᠶᠢᠨ ᠬᠠᠮᠲᠤ ᠤᠯᠠᠨ ᠤ ᠰᠠᠨᠠᠯ ᠰᠠᠨᠠᠭᠤᠯᠭ᠎ᠠ ᠶᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠨᠠᠷᠢᠨ ᠬᠢᠨᠠᠮᠠᠭᠠᠢ ᠭᠥᠯᠢᠶᠡᠨ ᠠᠪᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠬᠡᠯᠡᠬᠦ ᠳᠡᠭᠡᠨ᠂ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠳᠠ ᠶᠢᠨ ᠰᠣᠶᠣᠯ ᠤᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠬᠦ ᠪᠣᠯ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠰᠦᠪᠡᠭᠴᠢᠯᠡᠬᠦ ᠬᠡᠷᠡᠭᠲᠡᠢ᠃ ᠬᠤᠳᠠ ᠶᠢᠨ ᠵᠣᠷᠢᠭ ᠰᠠᠨᠠᠭ᠎ᠠ ᠶᠢ ᠪᠤᠢ ᠪᠣᠯᠭᠠᠵᠤ᠂ ᠮᠠᠨ ᠤ ᠬᠤᠳᠠ ᠶᠢᠨ ᠥᠨᠢ ᠤᠳᠠᠭᠠᠨ ᠲᠡᠦᠬᠡ ᠰᠣᠶᠣᠯ ᠤᠨ ᠰᠤᠳᠠᠰᠤ᠂ ᠭᠦᠨ ᠵᠤᠵᠠᠭᠠᠨ ᠰᠣᠶᠣᠯ ᠤᠨ ᠠᠭᠤᠯᠤᠭᠳᠠᠬᠤᠨ᠂ ᠭᠠᠯ ᠬᠠᠯᠠᠭᠤᠨ ᠣᠳᠣᠬᠢᠴᠢᠯᠠᠯᠲᠠ ᠶᠢᠨ ᠦᠢᠯᠡᠳᠦᠯᠭᠡ ᠶᠢᠨ ᠠᠬᠤᠢ ᠪᠠᠶᠢᠳᠠᠯ ᠢ ᠰᠠᠶᠢᠲᠤᠷ ᠠᠭᠤᠳᠠᠯᠵᠤ᠂ ᠰᠠᠶᠢᠲᠤᠷ ᠲᠠᠶᠢᠯᠪᠤᠷᠢᠯᠠᠵᠤ᠂ ᠰᠠᠶᠢᠲᠤᠷ ᠤᠬᠠᠭᠤᠯᠵᠤ᠂ ᠬᠤᠳᠠ ᠶᠢᠨ ᠡᠨᠡᠭᠰᠢᠯ ᠪᠠ ᠬᠠᠷᠢᠶᠠᠭᠳᠠᠯ ᠤᠨ ᠰᠡᠳᠬᠢᠯᠭᠡ ᠶᠢ ᠵᠤᠵᠠᠭᠠᠷᠠᠭᠤᠯᠬᠤ ᠬᠡᠷᠡᠭᠲᠡᠢ᠃ ᠪᠣᠳᠠᠰ ᠤᠨ ᠪᠤᠰᠤ ᠰᠣᠶᠣᠯ ᠤᠨ ᠥᠪ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ ᠲᠡᠮᠵᠢᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠳᠤ ᠦᠶ᠎ᠡ ᠳᠤ ᠨᠡᠩ ᠰᠠᠶᠢᠲᠤᠷ ᠦᠢᠯᠡᠴᠢᠯᠡᠭᠦᠯᠬᠦ ᠬᠡᠷᠡᠭᠲᠡᠢ᠃ ᠰᠣᠶᠣᠯ ᠦᠵᠡᠰᠬᠦᠯᠡᠩ ᠤᠨ ᠲᠠᠯᠠᠪᠠᠢ ᠶᠢ ᠬᠡᠷᠡᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠥᠮᠥᠷᠭᠡ ᠠᠴᠠ ᠭᠠᠷᠭᠠᠨ᠂ ᠲᠡᠦᠬᠡ ᠰᠣᠶᠣᠯ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠬᠤᠳᠠ ᠶᠢᠨ ᠦᠯᠢᠭᠡᠷ ᠢ ᠰᠠᠶᠢᠲᠤᠷ ᠶᠠᠷᠢᠵᠤ᠂ ᠮᠦᠽᠧᠢ ᠶᠢ ᠬᠤᠳᠠ ᠶᠢᠨ ᠰᠣᠶᠣᠯ ᠢ ᠮᠡᠳᠡᠷᠡᠬᠦ ᠪᠠ ᠣᠶᠢᠯᠠᠭᠠᠬᠤ ︽ᠵᠣᠴᠢᠯᠠᠬᠤ ᠲᠢᠩᠬᠢᠮ︾ ᠪᠣᠯᠭᠠᠬᠤ ᠬᠡᠷᠡᠭᠲᠡᠢ᠃ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠠᠷᠢᠯᠴᠠᠨ ᠬᠤᠯᠪᠣᠵᠤ᠂ ᠣᠨᠴᠠᠯᠢᠭᠲᠤ ᠦᠵᠡᠮᠵᠢ ᠶᠢᠨ ᠣᠷᠣᠨ᠂ ᠰᠣᠶᠣᠯ ᠤᠨ ᠪᠦᠲᠦᠭᠡᠯᠴᠢ ᠠᠵᠤ ᠦᠢᠯᠡᠰ᠂ ᠬᠡᠭᠡᠷ᠎ᠡ ᠭᠠᠳᠠᠨ᠎ᠠ ᠶᠢᠨ ᠰᠡᠯᠡᠭᠦᠴᠡᠯ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠬᠡᠵᠦ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾  ᠤᠨ ᠪᠦᠬᠦ ᠡᠯᠧᠮᠧᠨ᠋ᠲ ᠤᠨ ᠲᠣᠭᠤᠷᠢᠨ ᠳᠤ ᠵᠢᠭᠤᠯᠴᠢᠯᠠᠯ ᠤᠨ ᠵᠠᠮ ᠱᠤᠭᠤᠮ ᠢ ᠨᠠᠷᠢᠨ ᠨᠢᠮᠪᠠᠢ ᠲᠥᠯᠥᠪᠯᠡᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠢ ᠬᠥᠭᠵᠢᠭᠦᠯᠬᠦ ᠬᠡᠷᠡᠭᠲᠡᠢ᠃ ᠤᠳᠬ᠎ᠠ ᠵᠣᠬᠢᠶᠠᠯ ᠤᠷᠠᠯᠢᠭ ᠢ ᠤᠯᠠᠨ ᠲᠦᠮᠡᠨ ᠲᠠᠢ ᠣᠶᠢᠷᠠᠲᠤᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠤᠯᠠᠨ ᠲᠦᠮᠡᠨ ᠲᠠᠢ ᠣᠶᠢᠷᠠᠲᠤᠭᠰᠠᠨ᠂ ᠴᠤᠤᠷᠢᠶᠠᠳᠤᠭᠰᠠᠨ᠂ ᠰᠡᠳᠬᠢᠯ ᠰᠠᠨᠠᠭ᠎ᠠ ᠶᠢ ᠤᠮᠳᠠᠯᠠᠭᠰᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠢ ᠭᠡᠵᠡᠢ᠃      ᠪᠣᠣ ᠭᠠᠩ᠂ ᠣᠷᠣᠨ ᠤ ᠲᠥᠪ ᠤᠨ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠠᠳᠡ ᠰᠠᠭᠤᠭ᠎ᠠ ᠲᠠ ᠪᠦᠬᠦᠨ ᠢᠶᠠᠷ ᠲᠥᠯᠥᠭᠡᠯᠡᠭᠦᠯᠦᠭᠰᠡᠨ ᠰᠣᠶᠣᠯ ᠵᠢᠭᠤᠯᠴᠢᠯᠠᠯ ᠤᠨ ᠠᠵᠢᠯᠲᠠᠳ ᠤᠨ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠂ ᠤᠯᠠᠨ ᠢᠶᠠᠷ ᠢᠶᠠᠨ ᠦᠷᠭᠦᠯᠵᠢᠯᠡᠨ ᠤᠶᠤᠨ ᠤᠬᠠᠭᠠᠨ ᠢᠶᠠᠨ ᠬᠤᠷᠠᠮᠳᠤᠭᠤᠯᠤᠨ ᠬᠦᠴᠦᠨ ᠴᠢᠳᠠᠯ ᠢᠶᠠᠨ ᠲᠥᠪᠯᠡᠷᠡᠭᠦᠯᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃      ᠬᠤᠲᠠ ᠶᠢᠨ ᠤᠳᠤᠷᠢᠳᠤᠯᠭ᠎ᠠ ᠰᠢᠨ᠎ᠡ᠂ ᠵᠠᠩ ᠵᠢᠢ ᠹᠧᠢ᠂ ᠯᠢ ᠸᠧᠨ ᠭᠧ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ