| | | 2 ᠳ᠋ᠤᠭᠠᠷ ᠰᠠᠷ᠎ᠠ ᠶᠢᠨ 27 ᠤ ᠡᠳᠦᠷ᠂ ᠮᠠᠨ ᠤ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ︵ᠪᠠᠭ᠎ᠠ | ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ᠂ ᠠᠵᠢᠯ ᠮᠡᠷᠭᠡᠵᠢᠯ ᠤᠨ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ︶ 2023 ᠣᠨ ᠤ ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ | ᠬᠤᠭᠤᠴᠠᠭ᠎ᠠ ᠪᠠᠨ ᠤᠭᠲᠤᠬᠤ ᠪᠣᠯᠣᠨ᠎ᠠ᠃ ᠡᠭᠦᠨ ᠤ ᠬᠠᠮᠲᠤ᠂ ᠡᠯ᠎ᠡ ᠰᠤᠷᠭᠠᠭᠤᠯᠢ ᠶᠢᠨ ᠬᠢᠨ ᠴᠦ ᠡᠯ᠎ᠡ ᠵᠦᠢᠯ ᠤᠨ | ᠰᠤᠷᠤᠯᠭ᠎ᠠ ᠡᠬᠢᠯᠡᠬᠦ ᠪᠡᠯᠡᠳᠬᠡᠯ ᠠᠵᠢᠯ ᠢᠶᠠᠨ ᠤᠷᠢᠳᠴᠢᠯᠠᠨ ᠰᠠᠶᠢᠲᠤᠷ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ | ᠬᠦᠷᠴᠦ ᠢᠷᠡᠬᠦ ᠶᠢ ᠰᠠᠶᠢᠨ ᠰᠠᠶᠢᠬᠠᠨ ᠪᠠᠶᠢᠳᠠᠯ ᠢᠶᠠᠷ ᠤᠭᠲᠤᠵᠤ ᠪᠠᠶᠢᠨ᠎ᠠ᠃ ᠵᠢᠷᠤᠭ ᠪᠣᠯ ᠰᠢᠨ᠎ᠡ ᠬᠤᠲᠠ ᠲᠣᠭᠤᠷᠢᠭ ᠤᠨ | ᠴᠢᠩᠭᠢᠰ ᠬᠠᠭᠠᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠢᠨ ᠰᠤᠷᠤᠯᠭ᠎ᠠ ᠡᠬᠢᠯᠡᠬᠦ ᠪᠡᠯᠡᠳᠬᠡᠯ ᠢᠶᠠᠨ ᠭᠦᠢᠴᠡᠳ ᠬᠢᠵᠦ᠂ | ᠬᠢᠴᠢᠶᠡᠯ ᠤᠨ ᠭᠡᠷ ᠢᠶᠠᠨ ᠰᠢᠨ᠎ᠡ ᠪᠠᠷ ᠲᠣᠬᠢᠷᠠᠭᠤᠯᠵᠤ ᠪᠠᠶᠢᠭ᠎ᠠ ᠨᠢ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ |