ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ | ︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ 2023 ᠣᠨ ᠤ ᠴᠢᠨᠠᠷ ᠰᠠᠶᠢᠲᠠᠢ | ᠬᠥᠭᠵᠢᠯᠲᠡ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ 2022 ᠣᠨ ᠤ ᠠᠵᠢᠯ ᠢ | ᠡᠷᠭᠢᠴᠡᠭᠦᠯᠦᠨ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ | ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠠᠵᠢᠯ ᠤᠨ ᠮᠡᠳᠡᠭᠦᠯᠦᠯᠲᠡ ᠬᠢᠵᠦ᠂ ᠬᠤᠷᠢᠨᠭᠡᠷ ᠰᠢᠨ᠎ᠡ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ | ᠵᠥᠪᠯᠡᠯ ᠤᠨ ᠱᠦᠵᠢ ᠪᠦᠦ ᠳ᠋ᠧ ᠵᠢᠶᠦ᠋ᠨ ᠰᠢᠨ᠎ᠡ ᠲᠣᠭᠤᠷᠢᠭ ᠤᠨ 2022 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2023 ᠣᠨ ᠤ | ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠾᠧ ᠬᠠᠢ ᠳ᠋ᠦᠩ ᠴᠢᠬᠤᠯᠠᠴᠢᠯᠠᠬᠤ ᠳᠠᠭᠠᠨ᠂ 2022 ᠣᠨ ᠳᠤ᠂ ᠬᠤᠷᠢᠨᠭᠡᠷ ᠰᠢᠨ᠎ᠡ ᠲᠣᠭᠤᠷᠢᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠪᠡᠶ᠎ᠡ ᠳᠡᠭᠡᠨ ᠳᠠᠷᠤᠯᠲᠠ ᠦᠵᠡᠭᠦᠯᠦᠨ ᠤᠷᠤᠭᠰᠢᠯᠠᠵᠤ᠂ ᠡᠯ᠎ᠡ ᠲᠦᠷᠦᠯ ᠤᠨ ᠠᠵᠢᠯ ᠳᠤ ᠰᠢᠨ᠎ᠡ ᠠᠮᠵᠢᠯᠲᠠ ᠣᠯᠵᠠᠢ᠃ ᠡᠨᠡ ᠵᠢᠯ᠂ ᠬᠤᠷᠢᠨᠭᠡᠷ ᠰᠢᠨ᠎ᠡ | ᠲᠣᠭᠤᠷᠢᠭ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾᠂ ︽ᠮᠥᠩᠭᠦᠨ | ᠭᠦᠢᠯᠭᠡᠭᠡᠨ ᠤ ᠡᠭᠦᠯᠡᠨ ᠬᠥᠨᠳᠡᠢ︾᠂ ︽ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾᠂ ︽ᠬᠤᠳᠠ ᠶᠢᠨ ᠳᠡᠳ᠋ ᠲᠥᠪ︾ ᠢ | ᠦᠷᠭᠦᠯᠵᠢᠯᠡᠨ ᠨᠠᠷᠢᠨ ᠨᠢᠮᠪᠠᠢ ᠡᠭᠦᠳᠦᠨ ᠪᠠᠶᠢᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠦᠬᠦ ᠬᠤᠳᠠ ᠶᠢᠨ ᠲᠦᠷᠭᠡᠨ ᠬᠥᠭᠵᠢᠯᠲᠡ ᠶᠢᠨ ᠠᠵᠠ ᠲᠣᠬᠢᠶᠠᠯᠳᠤ | ᠬᠤᠭᠤᠴᠠᠭ᠎ᠠ ᠪᠣᠯᠣᠨ ᠴᠣᠩᠬᠤᠨ ᠬᠤᠭᠤᠴᠠᠭᠠᠨ ᠳᠤ ᠢᠳᠡᠪᠬᠢᠲᠡᠢ ᠠᠭᠤᠰᠤᠯᠴᠠᠬᠤ ᠬᠡᠷᠡᠭᠲᠡᠢ᠃ ᠭᠤᠣᠯᠳᠠᠯᠭ᠎ᠠ ᠪᠠᠨ ᠲᠣᠳᠣᠷᠬᠠᠶᠢᠯᠠᠵᠤ᠂ ᠬᠥᠭᠵᠢᠯᠲᠡ ᠶᠢᠨ ᠠᠯᠬᠤᠴᠠ ᠪᠠᠨ | ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠩᠭ᠎ᠠ ᠠᠳᠬᠤᠵᠤ᠂ ᠰᠢᠨ᠎ᠡ ᠲᠣᠭᠤᠷᠢᠭ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠨᠢᠭᠡ ᠤᠳᠠᠭ᠎ᠠ ᠳᠤ | ᠭᠦᠢᠴᠡᠳᠬᠡᠬᠦ︾ ᠶᠢ ᠪᠡᠶᠡᠯᠡᠭᠦᠯᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠮ ᠤᠨ | ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠠᠢ ᠠᠵᠢᠯᠯᠠᠵᠤ᠂ ᠦᠷ᠎ᠡ ᠳ᠋ᠦᠩ ᠢ ᠴᠢᠬᠤᠯᠠᠴᠢᠯᠠᠵᠤ᠂ ᠶᠣᠰᠣ ᠳᠦᠷᠢᠮ ᠢ ᠰᠠᠬᠢᠵᠤ᠂ ᠲᠦᠷᠦᠯ ᠵᠦᠢᠯ ᠢ ᠲᠣᠭᠲᠠᠭᠠᠨ ᠬᠢᠨᠠᠨ | ᠵᠥᠪᠰᠢᠶᠡᠷᠡᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ | ᠬᠦᠷᠢᠶ᠎ᠡ ᠶᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ᠂ 2022 ᠣᠨ ᠤ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠲᠡᠷᠢᠭᠦᠨ ᠤ ᠨᠢᠭᠡᠴᠡ᠂ | ᠲᠡᠷᠢᠭᠦᠨ ᠤ ᠳᠡᠮᠵᠢᠭᠰᠡᠨ ᠨᠢᠭᠡᠴᠡ᠂ ᠲᠡᠷᠢᠭᠦᠨ ᠤ ᠬᠤᠪᠢ ᠬᠥᠮᠥᠨ ᠢ ᠵᠠᠷᠯᠠᠨ ᠰᠠᠶᠢᠰᠢᠶᠠᠪᠠ᠃ |