ᠾᠧ ᠬᠠᠢ ᠳ᠋ᠦᠩ ᠮᠠᠨ ᠤ ᠬᠤᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠦᠷᠦᠯ ᠵᠦᠢᠯ ᠢ ᠠᠳᠬᠤᠨ ᠪᠦᠬᠦ ᠬᠦᠴᠦᠨ ᠢᠶᠠᠷ ᠢᠶᠠᠨ ᠦᠢᠯᠡᠴᠢᠯᠡᠵᠦ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ
ᠨᠡᠶᠢᠲᠡᠯᠡᠭᠰᠡᠨ ᠴᠠᠭ᠄
2023/2/27
      ︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠵᠥᠩ ᠬᠤᠸᠠᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ  ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠪᠣᠯᠣᠨ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠮᠢᠶ᠎ᠠ ᠪᠦᠬᠦᠢ ᠡᠬᠢ ᠪᠠᠶᠠᠯᠢᠭ ᠪᠣᠯᠣᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠰᠠᠶᠢᠲᠤᠷ ᠠᠰᠢᠭᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠦᠷᠦᠯ ᠵᠦᠢᠯ ᠢ ᠠᠳᠬᠤᠵᠤ᠂ ᠪᠦᠬᠦ ᠬᠦᠴᠦᠨ ᠢᠶᠠᠷ ᠢᠶᠠᠨ ᠦᠢᠯᠡᠴᠢᠯᠡᠵᠦ ᠪᠠᠲᠤᠯᠠᠭ᠎ᠠ ᠶᠢ ᠴᠢᠩᠭᠠᠳᠬᠠᠨ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃      ᠾᠧ ᠬᠠᠢ ᠳ᠋ᠦᠩ ᠤᠷᠢᠳ ᠬᠤᠵᠢᠳ ᠰᠢᠨ ᠬᠤᠸᠠᠨ ᠤ 10 ᠲᠦᠮᠡᠨ ᠲᠣᠨ ᠤ ᠬᠡᠷᠡᠯ ᠴᠡᠨᠡᠭ ᠤᠨ ᠲᠠᠰ ᠤᠨ ᠣᠯᠠᠨ ᠲᠠᠯᠠᠰᠲᠤ ᠴᠠᠬᠢᠭᠤᠷ᠂ ᠪᠡᠭᠡᠵᠢᠩ ᠤᠨ ᠵᠡᠷᠭᠡᠴᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠪᠤᠳᠤᠬᠤ ᠬᠦᠴᠦᠨ ᠤ ᠰᠠᠭᠤᠷᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠲᠤᠭ᠎ᠠ ᠪᠠᠷᠢᠮᠲᠠ ᠶᠢᠨ ᠲᠥᠪ᠂ ᠹᠦ᠋ ᠮᠢᠩ ᠤᠨ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠣᠶᠤᠨᠴᠢ ᠦᠶᠯᠡᠳᠬᠦ ᠠᠵᠤ ᠦᠢᠯᠡᠰ ᠵᠡᠷᠭᠡ ᠲᠥᠷᠥᠯ ᠵᠦᠢᠯ ᠤᠨ ᠲᠤᠬᠠᠢ ᠶᠢᠨ ᠭᠠᠵᠠᠷ ᠲᠤ ᠭᠦᠨᠵᠡᠭᠡᠶᠢᠷᠡᠵᠦ᠂ ᠡᠯ᠎ᠡ ᠲᠥᠷᠥᠯ ᠵᠦᠢᠯ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ︽ᠨᠢᠭᠤᠷᠲᠠᠨ︾ ᠶᠠᠷᠢᠯᠴᠠᠵᠤ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠪᠠ ᠬᠦᠴᠢᠷᠳᠡᠯ ᠤᠨ ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠪᠣᠳᠠᠲᠠᠢ ᠠᠰᠠᠭᠤᠳᠠᠯ ᠢ ᠲᠤᠬᠠᠢ ᠶᠢᠨ ᠭᠠᠵᠠᠷ ᠲᠤ ᠵᠣᠬᠢᠴᠠᠭᠤᠯᠤᠨ ᠰᠢᠢᠳᠪᠦᠷᠢᠯᠡᠪᠡ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠴᠢᠷᠮᠠᠶᠢᠯᠭ᠎ᠠ ᠭᠠᠷᠭᠠᠬᠤ ᠪᠠᠨ ᠴᠢᠩᠭᠠᠳᠬᠠᠨ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠢᠭᠲᠠ ᠠᠩᠬᠠᠷᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠᠬᠢ ᠴᠠᠬᠢᠯᠭᠠᠨ ᠬᠦᠴᠦᠨ ᠤ ᠲᠥᠬᠦᠭᠡᠷᠦᠮᠵᠢ᠂ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠪᠦᠬᠦ ᠬᠤᠷᠳᠤᠴᠠ ᠪᠠᠷ ᠪᠠᠲᠤᠯᠠᠬᠤ ᠬᠡᠷᠡᠭᠲᠡᠢ᠃ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠬᠤᠭᠤᠴᠠᠭ᠎ᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠪᠠᠷᠢᠯᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠭᠲᠠᠭᠰᠠᠨ ᠬᠤᠭᠤᠴᠠᠭᠠᠨ ᠳᠠᠭᠠᠨ ᠤᠷᠤᠭᠰᠢᠲᠠᠢ ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢ ᠰᠢᠶᠣᠣ ᠶᠠᠨ᠂ ᠵᠦ ᠵᠢᠶᠠᠨ ᠭᠦᠸᠧ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ