ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ 21 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/27
ᠴᠠᠩ ᠫᠧᠢ ᠵᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠦ ᠬᠤᠢ ᠬᠤᠢ  ᠭᠧᠩ ᠰᠢᠨ︶ 2 ᠳ᠋ᠤᠭᠠᠷ ᠰᠠᠷ᠎ᠠ ᠶᠢᠨ 23 ᠤ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠠᠩ ᠫᠧᠢ ᠵᠦᠩ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ 21 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠸᠧᠨ ᠮᠢᠩ᠂ ᠭᠦᠸᠧ ᡁᠢ ᠭᠠᠩ᠂ ᠶᠢᠨ ᠴᠦᠨ ᠯᠢᠶᠠᠩ᠂ ᠵᠠᠩ ᠵᠥᠩ ᠳ᠋ᠦᠩ᠂ ᠰᠢᠩ ᠵᠢᠶᠦ᠋ᠨ ᠫᠢᠩ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ︽ᠰᠦᠨ ᠱᠣᠸ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ︵ᠲᠥᠰᠥᠯ︶︾ ᠢ ᠰᠤᠳᠤᠯᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠭ᠎ᠠ ᠬᠡᠮᠵᠢᠶ᠎ᠡ ᠨᠦᠭᠦᠳ ︵ᠲᠥᠰᠥᠯ︶︾ ᠢ ᠬᠢᠨᠠᠨ ᠵᠥᠪᠯᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ