ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ 17 ᠳ᠋ᠤᠭᠠᠷ ᠤᠳᠠᠭ᠎ᠠ ᠶᠢᠨ ᠲᠡᠷᠢᠭᠦᠯᠡᠭᠴᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/27
ᠯᠢ ᠵᠢᠶᠦ᠋ᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠦ ᠱᠠ ᠱᠠ︶ 2 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ 17 ᠳ᠋ᠤᠭᠠᠷ ᠤᠳᠠᠭ᠎ᠠ ᠶᠢᠨ ᠲᠡᠷᠢᠭᠦᠯᠡᠭᠴᠢ ᠶᠢᠨ ᠬᠤᠷᠠᠯ ᠬᠤᠷᠠᠯᠳᠤᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠶᠦ᠋ᠩ ᠬᠤᠷᠠᠯ ᠢ ᠡᠷᠭᠢᠯᠡᠵᠦ᠂ ᠳᠡᠳ᠋ ᠲᠡᠷᠢᠭᠦᠯᠡᠭᠴᠢ ᠯᠢ ᠰᠢᠶᠣᠣ ᠳ᠋ᠦᠩ᠂ ᠸᠠᠩ ᠭᠦᠸᠧ ᠬᠤᠸᠠ᠂ ᠯᠢ ᠸᠧᠨ ᠭᠧ᠂ ᠭᠤᠸ ᠷᠦᠢ ᠵᠢᠶᠦ᠋ᠨ᠂ ᠪᠠᠭᠠᠲᠤᠷ᠂ ᠨᠠᠷᠢᠨ ᠪᠢᠴᠢᠭ ᠤᠨ ᠳᠠᠷᠤᠭ᠎ᠠ ᠸᠠᠩ ᠪᠢᠨ ᠬᠤᠷᠠᠯ ᠳᠤ ᠣᠷᠣᠯᠴᠠᠪᠠ᠃      ᠬᠤᠷᠠᠯ ᠠᠴᠠ 2023 ᠣᠨ ᠤ ᠬᠡᠰᠡᠭ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠢ ᠵᠥᠪᠯᠡᠬᠦ ᠪᠠᠶᠢᠴᠠᠭᠠᠨ ᠰᠤᠳᠤᠯᠤᠯᠲᠠ ᠶᠢᠨ ᠰᠡᠳᠦᠪ ᠡᠬᠢᠯᠡᠭᠦᠯᠬᠦ ᠮᠡᠳᠡᠭᠦᠯᠦᠯᠲᠡ ᠶᠢ ᠰᠣᠨᠣᠰᠪᠠ᠃      ᠯᠢ ᠵᠢᠶᠦ᠋ᠩ ᠴᠢᠬᠤᠯᠠᠴᠢᠯᠠᠭᠰᠠᠨ ᠨᠢ᠂ ᠡᠯ᠎ᠡ ᠲᠤᠰᠬᠠᠢ ᠵᠥᠪᠯᠡᠯ ᠤᠨ ᠬᠢᠨ ᠦᠵᠦ ᠲᠥᠯᠥᠪᠯᠡᠭᠡ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠡᠳᠦᠪ ᠡᠬᠢᠯᠡᠭᠦᠯᠬᠦ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠤᠳᠤᠯᠵᠤ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠬᠦ ᠳᠤ ᠰᠠᠶᠢᠨ ᠰᠠᠭᠤᠷᠢ ᠲᠠᠯᠪᠢᠬᠤ ᠬᠡᠷᠡᠭᠲᠡᠢ︔ ᠰᠤᠷᠤᠯᠴᠠᠯᠭ᠎ᠠ ᠪᠠ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠰᠡᠳᠬᠢᠴᠡ ᠪᠠᠨ ᠲᠣᠳᠣᠷᠬᠠᠢ ᠪᠣᠯᠭᠠᠵᠤ᠂ ᠵᠥᠪᠯᠡᠬᠦ ᠰᠡᠳᠦᠪ ᠢ ᠰᠤᠳᠤᠯᠬᠤ ᠴᠢᠭᠯᠡᠯ ᠳᠡᠭᠡᠷ᠎ᠡ ᠬᠦᠴᠦ ᠲᠠᠯᠪᠢᠬᠤ ᠬᠡᠷᠡᠭᠲᠡᠢ︔ ᠭᠡᠰᠢᠭᠦᠳ ᠤᠨ ᠠᠵᠢᠯ ᠤᠨ ᠦᠷᠳᠡᠭᠡ ︵ᠦᠷᠦᠬᠡ︶ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠲᠤᠬᠠᠢ ᠳᠠᠭᠠᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠭᠠᠷᠭᠠᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ