| | | ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ | ᠯᠦᠩ᠂ ᠠᠮᠤ ᠪᠤᠳᠠᠭᠠᠨ ᠤ ᠨᠥᠭᠡᠴᠡᠯᠡᠯᠲᠡ ᠶᠢᠨ ᠰᠠᠯᠠᠭ᠎ᠠ ᠶᠢᠨ ᠦ᠋ ᠭᠠᠩ ᠵᠤ᠋᠂ ᠠᠮᠤ ᠪᠤᠳᠠᠭᠠᠨ ᠤ ᠲᠣᠬᠢᠷᠠᠭᠤᠯᠤᠯᠲᠠ ᠡᠵᠡᠮᠳᠡᠯ ᠤᠨ ᠰᠠᠯᠠᠭ᠎ᠠ ᠶᠢᠨ ᠧᠦ ᠶᠠᠩ | ᠵᠢᠶᠦ᠋ᠨ᠂ ᠠᠮᠤ ᠪᠤᠳᠠᠭᠠᠨ ᠤ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠰᠠᠯᠠᠭ᠎ᠠ ᠶᠢᠨ ᠭᠤᠤ ᠶᠠᠩ᠂ ᠠᠮᠤ ᠪᠤᠳᠠᠭᠠᠨ ᠤ ᠬᠢᠨᠠᠯᠲᠠ | ᠪᠠᠶᠢᠴᠠᠭᠠᠯᠲᠠ ᠶᠢᠨ ᠰᠠᠯᠠᠭ᠎ᠠ ᠶᠢᠨ ᠸᠠᠩ ᠬᠠᠨ ᠮᠧᠩ | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ | ᠦᠭᠡ ᠦᠯᠡᠳᠡᠭᠡᠵᠦ ᠵᠣᠴᠢᠳ ᠲᠠᠢ ᠦᠵᠡᠯ ᠪᠤᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | ᠬᠥᠲᠥᠯᠥᠭᠴᠢ᠄ | ︽ᠤᠯᠤᠰ ᠠᠷᠠᠳ ᠢᠶᠠᠷ ᠦᠨᠳᠦᠰᠦ ᠪᠣᠯᠭᠠᠵᠤ᠂ ᠠᠷᠠᠳ ᠢᠷᠭᠡᠳ ᠠᠮᠤ ᠪᠤᠳᠠᠭ᠎ᠠ ᠪᠠᠷ ᠠᠮᠢ ᠪᠠᠨ ᠪᠣᠯᠭᠠᠨ᠎ᠠ︾᠂ ᠠᠮᠤ ᠪᠤᠳᠠᠭ᠎ᠠ ᠪᠣᠯ ᠠᠷᠠᠳ | ᠢᠷᠭᠡᠳ ᠤᠨ ᠬᠠᠮᠤᠭ ᠤᠨ ᠦᠨᠳᠦᠰᠦᠨ ᠠᠮᠢᠳᠤᠷᠠᠯ ᠤᠨ ᠡᠳ᠋ ᠪᠣᠳᠠᠰ ᠮᠥᠨ᠂ ᠠᠮᠤ ᠪᠤᠳᠠᠭᠠᠨ ᠤ ᠠᠶᠤᠯᠭᠦᠢ ᠨᠢ ᠨᠡᠶᠢᠭᠡᠮ ᠤᠨ ᠡᠶ᠎ᠡ ᠵᠣᠬᠢᠴᠠᠯ᠂ ᠤᠯᠤᠰ | ᠲᠦᠷᠦ ᠶᠢᠨ ᠲᠣᠭᠲᠠᠭᠤᠨ᠂ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠮᠠᠨ ᠤ ᠬᠤᠲᠠ ᠶᠢᠨ ᠠᠮᠤ ᠪᠤᠳᠠᠭᠠᠨ ᠤ | ᠠᠶᠤᠯᠭᠦᠢ ᠶᠢᠨ ᠪᠠᠶᠢᠳᠠᠯ ᠶᠠᠮᠠᠷ ᠰᠢᠭ ᠪᠠᠶᠢᠬᠤ ᠭᠡᠳᠡᠭ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠪᠣᠯᠣᠨ᠎ᠠ᠃ | ᠬᠥᠲᠥᠯᠥᠭᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠨᠢ ᠠᠮᠤ ᠪᠤᠳᠠᠭᠠᠨ ᠤ | ᠠᠵᠢᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠮᠠᠨ ᠤ ᠬᠤᠲᠠ ᠶᠢᠨ ᠠᠮᠤ ᠪᠤᠳᠠᠭᠠᠨ ᠤ ᠠᠶᠤᠯᠭᠦᠢ ᠶᠢᠨ ᠶᠡᠷᠦᠩᠬᠡᠢ ᠪᠠᠶᠢᠳᠠᠯ | ᠶᠠᠮᠠᠷ ᠪᠣᠢ︖ ᠣᠶᠢᠷ᠎ᠠ ᠶᠢᠨ ᠵᠢᠯ ᠳᠤ ᠠᠮᠤ ᠪᠤᠳᠠᠭᠠᠨ ᠤ ᠠᠶᠤᠯᠭᠦᠢ ᠶᠢᠨ ᠲᠠᠯ᠎ᠠ ᠪᠠᠷ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠤᠭᠰᠠᠨ ᠪᠣᠶ︖ | ᠯᠢᠦ ᠬᠤᠩ ᠯᠦᠩ᠄ | ᠣᠶᠢᠷ᠎ᠠ ᠶᠢᠨ ᠵᠢᠯ ᠳᠤ᠂ ᠮᠠᠨ ᠤ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠶᠤᠯᠭᠦᠢ ᠶᠢᠨ ᠲᠤᠬᠠᠢ ᠴᠢᠬᠤᠯᠠ ᠵᠢᠭᠠᠪᠤᠷᠢ᠂ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠤ | ᠪᠤᠳᠠᠭᠠᠨ ᠤ ᠠᠶᠤᠯᠭᠦᠢ ᠶᠢᠨ ᠶᠡᠷᠦᠩᠬᠡᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠠᠮᠤ ᠪᠤᠳᠠᠭᠠᠨ ᠤ ᠠᠶᠤᠯᠭᠦᠢ ᠶᠢᠨ ᠠᠵᠢᠯ ᠤᠨ ᠤᠳᠤᠷᠢᠳᠤᠯᠭ᠎ᠠ ᠶᠢ | ᠪᠥᠬᠦ ᠲᠠᠯ᠎ᠠ ᠪᠠᠷ ᠴᠢᠩᠭᠠᠷᠠᠭᠤᠯᠵᠤ᠂ ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠠᠶᠤᠯᠭᠦᠢ ᠶᠢ ᠰᠢᠯᠭᠠᠨ | ᠬᠢᠨᠠᠬᠤ ᠪᠠᠷ ᠭᠠᠷᠳᠠᠴᠠ ᠪᠣᠯᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠢ ᠰᠢᠮᠳᠠᠭᠤᠯᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠠᠮᠤ ᠪᠤᠳᠠᠭᠠᠨ ᠤ ᠠᠶᠤᠯᠭᠦᠢ ᠶᠢᠨ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭᠠᠨ ᠤ ᠠᠶᠤᠯᠭᠦᠢ ᠶᠢᠨ | ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠡᠭᠦᠨ ᠳᠤ ᠭᠤᠣᠯᠳᠠᠭᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠴᠠᠢ᠄ ᠨᠢᠭᠡ ᠳᠤ | ᠳᠦᠷᠢᠮ ᠲᠣᠭᠲᠠᠭᠠᠯ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠪᠠ᠃ ᠪᠢᠳᠡ ᠵᠠᠰᠠᠭ ᠤᠨ ᠣᠷᠳᠣᠨ ᠳᠤ ᠮᠡᠳᠡᠭᠦᠯᠦᠨ ︽ᠠᠮᠤ ᠪᠤᠳᠠᠭᠠᠨ ᠤ | ᠠᠶᠤᠯᠭᠦᠢ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ︽ᠠᠮᠤ | ᠪᠤᠳᠠᠭᠠᠨ ᠤ ᠠᠶᠤᠯᠭᠦᠢ ᠶᠢᠨ ᠬᠤᠰᠢᠭᠤ ᠰᠢᠶᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠬᠤ ᠠᠷᠭ᠎ᠠ︾ ᠵᠡᠷᠭᠡ ᠳᠦᠷᠢᠮ | ᠲᠣᠭᠲᠠᠭᠠᠯ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠠᠮᠤ ᠪᠤᠳᠠᠭᠠᠨ ᠤ ᠠᠶᠤᠯᠭᠦᠢ ᠳᠠᠬᠢ ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠪᠠ ᠠᠮᠤ | ᠪᠤᠳᠠᠭᠠᠨ ᠤ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠪᠠ᠃ ᠬᠤᠶᠠᠷ ᠲᠤ ᠪᠡᠯᠡ ᠮᠥᠩᠭᠦ ᠴᠢᠷᠮᠠᠶᠢᠨ ᠣᠯᠵᠤ ᠭᠠᠷᠤᠯᠲᠠ ᠪᠠᠨ | ᠨᠡᠮᠡᠭᠳᠡᠭᠦᠯᠪᠡ᠃ 2020 ᠣᠨ ᠠᠴᠠ ᠨᠠᠰᠢ᠂ ᠮᠠᠨ ᠤ ᠵᠥᠪᠯᠡᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ | ᠮᠥᠩᠭᠦ ᠶᠢ ᠨᠡᠶᠢᠲᠡ 4.66 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠬᠥᠷᠥᠰᠥ ᠰᠢᠷᠣᠢ ᠶᠢ ᠰᠠᠶᠢᠵᠢᠷᠠᠭᠤᠯᠬᠤ | ᠵᠡᠷᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠪᠠ᠃ ᠭᠤᠷᠪᠠ ᠳᠤ ᠨᠥᠭᠡᠴᠡ ᠪᠠᠨ ᠪᠠᠲᠤᠳᠬᠠᠨ ᠠᠮᠤ ᠪᠤᠳᠠᠭᠠᠨ ᠤ ᠬᠥᠮᠥᠷᠭᠡ ᠪᠠᠨ | ᠰᠠᠶᠢᠨ ᠰᠠᠬᠢᠪᠠ᠃ ᠮᠠᠨ ᠤ ᠬᠤᠲᠠ ᠠᠮᠤ ᠪᠤᠳᠠᠭᠠᠨ ᠤ ᠨᠥᠭᠡᠴᠡᠯᠡᠯᠲᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠣᠷᠣᠨ ᠨᠤᠲᠤᠭ ᠤᠨ ᠠᠮᠤ | ᠪᠤᠳᠠᠭᠠᠨ ᠤ ᠨᠥᠭᠡᠴᠡᠯᠡᠯᠲᠡ ᠶᠢ ᠲᠡᠭᠦᠯᠳᠡᠷᠵᠢᠭᠦᠯᠦᠨ᠂ ᠨᠥᠭᠡᠴᠡ ᠠᠮᠤ ᠪᠤᠳᠠᠭᠠᠨ ᠤ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠨᠥᠭᠡᠴᠡ ᠠᠮᠤ ᠲᠣᠰᠣ ᠶᠢ ᠡᠭᠡᠯᠵᠢᠯᠡᠨ ᠰᠣᠯᠢᠬᠤ ᠪᠠ ᠠᠮᠤ ᠪᠤᠳᠠᠭᠠᠨ ᠤ ᠨᠥᠭᠡᠴᠡᠯᠡᠯᠲᠡ ᠶᠢᠨ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠤ | ᠲᠥᠪ ᠤᠨ ᠠᠮᠤ ᠪᠤᠳᠠᠭᠠᠨ ᠤ ᠬᠥᠮᠥᠷᠭᠡ ᠶᠢ ᠰᠠᠶᠢᠨ ᠰᠠᠬᠢᠪᠠ᠃ ᠳᠥᠷᠪᠡ ᠳᠤ ᠪᠠᠴᠢᠮ ᠪᠠᠶᠢᠳᠠᠯ ᠢ ᠠᠷᠭᠠᠴᠠᠵᠤ ᠬᠠᠩᠭᠠᠯᠭ᠎ᠠ ᠶᠢ ᠪᠠᠲᠤᠯᠠᠪᠠ᠃ ᠠᠮᠤ | ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠲᠣᠰᠣᠨ ᠤ ᠦᠨ᠎ᠡ ᠬᠠᠩᠰᠢ ᠶᠢ ᠤᠷᠢᠳᠴᠢᠯᠠᠨ | ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠷᠠᠭᠤᠯᠤᠨ᠂ ᠪᠦᠲᠦᠭᠡᠭᠳᠡᠬᠦᠨ ᠪᠣᠯᠭᠠᠭᠰᠠᠨ ᠠᠮᠤ ᠲᠣᠰᠣ ᠶᠢ ᠬᠥᠮᠥᠷᠭᠡᠯᠡᠨ ᠬᠠᠳᠠᠭᠠᠯᠠᠬᠤ᠂ ᠪᠠᠴᠢᠮ ᠪᠠᠶᠢᠳᠠᠯ ᠢ | ᠠᠷᠭᠠᠴᠠᠭᠠᠨ ᠦᠢᠯᠡᠳᠪᠦᠷᠢᠯᠡᠵᠦ ᠡᠳ᠋ᠰᠢᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠬᠠᠳᠠᠭᠠᠯᠠᠵᠤ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ | ᠪᠠᠶᠢᠳᠠᠯ ᠢ ᠠᠷᠭᠠᠴᠠᠭᠠᠨ ᠬᠦᠷᠭᠡᠵᠦ ᠲᠣᠬᠢᠷᠠᠭᠤᠯᠬᠤ ᠳᠤᠲᠠᠭᠤ ᠲᠠᠯ᠎ᠠ ᠪᠠᠨ ᠨᠥᠬᠦᠪᠦᠷᠢᠯᠡᠵᠦ᠂ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠪᠠᠲᠤᠯᠠᠭ᠎ᠠ ᠶᠢ | ᠰᠠᠶᠢᠲᠤᠷ ᠠᠳᠬᠤᠪᠠ᠃ | | | | | ᠬᠥᠲᠥᠯᠥᠭᠴᠢ᠄ | ᠠᠮᠤ ᠪᠤᠳᠠᠭᠠᠨ ᠤ ᠨᠥᠭᠡᠴᠡᠯᠡᠯᠲᠡ ᠪᠣᠯ ᠠᠮᠤ ᠪᠤᠳᠠᠭᠠᠨ ᠤ ᠠᠶᠤᠯᠭᠦᠢ ᠶᠢᠨ ᠰᠠᠭᠤᠷᠢ ᠪᠠ ᠦᠨᠳᠦᠰᠦᠨ ᠪᠠᠲᠤᠯᠠᠭ᠎ᠠ ᠮᠥᠨ᠂ ᠤᠯᠠᠨ ᠢᠶᠠᠷ ᠢᠶᠠᠨ ᠠᠮᠤ | ᠪᠤᠳᠠᠭᠠᠨ ᠤ ᠨᠥᠭᠡᠴᠡᠯᠡᠯᠲᠡ ᠶᠢᠨ ᠪᠠᠶᠢᠳᠠᠯ ᠢ ᠮᠠᠰᠢ ᠠᠩᠬᠠᠷᠴᠤ ᠪᠠᠶᠢᠨ᠎ᠠ᠂ ᠡᠨᠡ ᠲᠠᠯ᠎ᠠ ᠶᠢᠨ ᠪᠣᠳᠠᠲᠠᠢ ᠠᠵᠢᠯ ᠤᠨ ᠪᠠᠶᠢᠳᠠᠯ ᠨᠢ ᠶᠠᠮᠠᠷ ᠪᠤᠢ︖ ᠶᠠᠮᠠᠷ ᠶᠠᠮᠠᠷ | ᠠᠷᠭ᠎ᠠ ᠬᠡᠮᠵᠢᠶ᠎ᠡ ᠠᠪᠤᠭᠰᠠᠨ ᠪᠤᠢ︖ | ᠦ᠋ ᠭᠠᠩ ᠵᠤ᠋᠄ | ᠣᠶᠢᠷ᠎ᠠ ᠶᠢᠨ ᠵᠢᠯ ᠤᠳ ᠲᠤ ᠮᠠᠨ ᠤ ᠬᠤᠲᠠ ᠠᠮᠤ ᠪᠤᠳᠠᠭᠠᠨ ᠤ ᠨᠥᠭᠡᠴᠡᠯᠡᠯᠲᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ | ᠵᠠᠰᠠᠭ ᠤᠨ ᠣᠷᠳᠣᠨ ᠠᠮᠤ ᠪᠤᠳᠠᠭᠠᠨ ᠤ ᠡᠷᠬᠡ ᠶᠢ ᠡᠵᠡᠮᠳᠡᠵᠦ᠂ ᠰᠠᠯᠠᠭ᠎ᠠ ᠮᠥᠴᠢᠷ ᠪᠥᠬᠦ ᠲᠠᠯ᠎ᠠ ᠪᠠᠷ ᠬᠢᠨᠠᠨ ᠬᠠᠮᠢᠶᠠᠷᠴᠤ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠳᠠᠭᠠᠭᠠᠨ ᠬᠠᠳᠠᠭᠠᠯᠠᠨ ᠡᠵᠡᠩᠨᠡᠵᠦ᠂ ᠦᠨ᠎ᠡ ᠶᠢᠨ ᠵᠥᠷᠢᠶ᠎ᠡ ᠶᠢ ᠡᠳ᠋ ᠤᠨ ᠵᠠᠰᠠᠭ ᠠᠴᠠ ᠪᠠᠲᠤᠯᠠᠬᠤ︾ ᠬᠥᠬᠡᠬᠤᠲᠠ ᠶᠢᠨ ᠠᠮᠤ ᠪᠤᠳᠠᠭᠠᠨ ᠤ | ᠨᠥᠭᠡᠴᠡᠯᠡᠯᠲᠡ ᠶᠢᠨ ᠬᠠᠮᠢᠶᠠᠷᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠰᠦᠪᠡᠭᠴᠢᠯᠡᠨ ᠭᠠᠷᠭᠠᠵᠤ᠂ ︽ᠭᠤᠷᠪᠠᠨ ᠡᠷᠬᠡᠪᠰᠢ︾ ᠪᠠ ︽ᠨᠢᠭᠡ ᠪᠠᠲᠤᠯᠠᠭ᠎ᠠ︾ | ᠪᠠᠷ ᠭᠤᠣᠯᠳᠠᠯᠭ᠎ᠠ ᠪᠣᠯᠭᠠᠨ᠂ ᠠᠮᠤ ᠪᠤᠳᠠᠭᠠᠨ ᠤ ᠨᠥᠭᠡᠴᠡᠯᠡᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠪᠦᠲᠦᠮᠵᠢᠲᠡᠶ ᠳᠡᠭᠡᠭᠰᠢᠯᠡᠭᠦᠯᠪᠡ᠃ ︽ᠭᠤᠷᠪᠠᠨ | ᠡᠷᠬᠡᠪᠰᠢ︾᠄ ᠠᠮᠤ ᠪᠤᠳᠠᠭᠠᠨ ᠤ ᠡᠷᠬᠡ ᠶᠢ ᠡᠷᠬᠡᠪᠰᠢ ᠵᠠᠰᠠᠭ ᠤᠨ ᠣᠷᠳᠣᠨ ᠤ ᠭᠠᠷ ᠲᠤ ᠪᠠᠲᠤ ᠡᠵᠡᠮᠳᠡᠬᠦ᠂ ᠠᠮᠤ ᠪᠤᠳᠠᠭ᠎ᠠ᠂ ᠡᠳ᠋ ᠤᠨ ᠵᠠᠰᠠᠭ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠰᠠᠶᠢᠲᠤᠷ ᠬᠢᠨᠠᠨ ᠬᠠᠮᠢᠶᠠᠷᠬᠤ᠂ ᠠᠮᠤ ᠪᠤᠳᠠᠭᠠᠨ ᠤ | ᠨᠥᠭᠡᠴᠡ ᠶᠢ ᠡᠷᠬᠡᠪᠰᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠲᠤᠰᠢᠶᠠᠨ ᠡᠵᠡᠩᠨᠡᠭᠦᠯᠬᠦ︔ ︽ᠨᠢᠭᠡ ᠪᠠᠲᠤᠯᠠᠭ᠎ᠠ︾᠄ ᠡᠭᠡᠯᠵᠢᠯᠡᠭᠦᠯᠦᠨ ᠰᠣᠯᠢᠬᠤ | ᠦᠨ᠎ᠡ ᠬᠠᠩᠰᠢ ᠶᠢᠨ ᠵᠥᠷᠢᠶ᠎ᠡ ᠶᠢ ᠡᠳ᠋ ᠤᠨ ᠵᠠᠰᠠᠭ ᠠᠴᠠ ᠪᠠᠲᠤᠯᠠᠬᠤ᠃ ᠡᠭᠦᠨ ᠤ ᠵᠡᠷᠭᠡᠴᠡᠭᠡᠪᠡᠷ ᠳᠣᠣᠷᠠᠬᠢ ᠮᠡᠲᠦ ᠪᠦᠲᠦᠮᠵᠢᠲᠡᠶ ᠠᠷᠭ᠎ᠠ ᠬᠡᠮᠵᠢᠶ᠎ᠡ ᠨᠦᠭᠦᠳ ᠢ | ᠠᠪᠴᠠᠢ᠄ ᠨᠢᠭᠡ ᠳᠤ ᠨᠥᠭᠡᠴᠡᠯᠡᠬᠦ ᠬᠡᠮᠵᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ᠃ ᠬᠤᠶᠠᠷ ᠲᠤ ᠨᠥᠭᠡᠴᠡ ᠶᠢ ᠡᠭᠡᠯᠵᠢᠯᠡᠭᠦᠯᠦᠨ ᠰᠣᠯᠢᠬᠤ | ᠲᠣᠭᠲᠠᠴᠠ ᠶᠢ ᠲᠡᠭᠦᠯᠳᠡᠷᠵᠢᠭᠦᠯᠪᠡ᠃ ᠭᠤᠷᠪᠠ ᠳᠤ ᠠᠮᠤ ᠲᠣᠰᠣ ᠨᠥᠭᠡᠴᠡᠯᠡᠬᠦ ᠪᠥᠬᠦ ᠶᠠᠪᠤᠴᠠ ᠶᠢᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠪᠠ᠃ | ᠬᠥᠲᠥᠯᠥᠭᠴᠢ᠄ | ᠮᠠᠨ ᠤ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠠᠵᠢᠯ ᠤᠨ ᠪᠠᠶᠢᠳᠠᠯ ᠢ | ᠲᠠᠨᠢᠯᠴᠠᠭᠤᠯᠵᠤ ᠥᠭᠭᠦᠨ᠎ᠡ ᠦᠦ︖ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ᠧᠦ ᠶᠠᠩ ᠵᠢᠶᠦ᠋ᠨ᠄ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠲᠦᠷᠭᠡᠨ ᠬᠥᠭᠵᠢᠭᠦᠯᠵᠦ᠂ ᠭᠤᠣᠯᠳᠠᠭᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠤᠭᠰᠠᠨ | ᠪᠠᠶᠢᠨ᠎ᠠ᠄ ᠨᠢᠭᠡ ᠳᠤ ᠳᠦᠷᠢᠮ ᠤᠨ ᠪᠠᠶᠢᠭᠤᠯᠤᠯᠲᠠ ᠶᠢᠨ ︽ᠬᠠᠮᠲᠤᠷᠠᠭᠤᠯᠤᠭᠰᠠᠨ ᠠᠷᠭ᠎ᠠ ᠬᠡᠮᠵᠢᠶ᠎ᠡ︾ ᠶᠢ ᠬᠡᠷᠡᠭᠯᠡᠪᠡ᠃ ︽ᠠᠮᠤ ᠪᠤᠳᠠᠭᠠᠨ ᠤ ᠠᠶ᠋ᠯᠤᠭᠦᠢ ᠶᠢᠨ | ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ︾ ︽ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠡᠷᠡᠭᠵᠢᠭᠦᠯᠬᠦ ᠨᠠᠷᠢᠨ ᠳᠦᠷᠢᠮ︾ ︽ | ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠦᠷᠢᠮ ᠤᠨ ᠡᠮᠬᠢᠳᠬᠡᠯ︾᠂ ᠡᠯ᠎ᠡ ᠬᠤᠰᠢᠭᠤ ᠰᠢᠶᠠᠨ ᠲᠣᠭᠤᠷᠢᠭ ᠵᠢᠴᠢ | ᠭᠤᠣᠯᠳᠠᠯᠭ᠎ᠠ ᠲᠠᠢ ᠪᠠᠴᠢᠮ ᠪᠠᠶᠢᠳᠠᠯ ᠢ ᠠᠷᠭᠠᠴᠠᠬᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠵᠡᠷᠭᠡ ᠠᠯᠢ ᠣᠯᠠᠨ | ᠳᠦᠷᠢᠮ ᠤᠨ ᠪᠠᠶᠢᠭᠤᠯᠤᠯᠲᠠ ᠪᠠᠷ ᠭᠤᠣᠯ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠲᠣᠣᠷ ᠰᠦᠯᠵᠢᠶ᠎ᠡ ᠶᠢ ᠴᠢᠩᠭᠠᠳᠬᠠᠬᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ | ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ | ᠲᠠᠰᠤᠷᠠᠯᠲᠠ ᠦᠭᠡᠢᠲ᠋ᠡᠭᠡᠭᠰᠢᠯᠡᠭᠦᠯᠪᠡ᠃ ᠬᠤᠶᠠᠷ ᠲᠤ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠪᠠ᠃ | ᠪᠥᠬᠦ ᠬᠤᠲᠠ ᠳᠤ ᠠᠮᠤ ᠲᠣᠰᠣᠨ ᠤ ᠪᠠᠴᠢᠮ ᠪᠠᠶᠢᠳᠠᠯ ᠳᠠᠬᠢ ᠬᠠᠩᠭᠠᠯᠭ᠎ᠠ᠂ ᠡᠳ᠋ᠰᠢᠭᠦᠯᠬᠦ᠂ ᠬᠠᠳᠠᠭᠠᠯᠠᠵᠤ ᠵᠥᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ᠂ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠥᠪ ᠢ ᠪᠠᠭᠲᠠᠭᠠᠭᠰᠠᠨ ᠠᠮᠤ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠣᠣᠷ ᠴᠡᠭ 177᠂ | ᠠᠮᠤ ᠲᠣᠰᠣᠨ ᠤ ᠦᠨ᠎ᠡ ᠬᠠᠩᠰᠢ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠴᠡᠭ 17 ᠶᠢ ᠲᠣᠭᠲᠠᠭᠠᠪᠠ᠃ | ᠭᠤᠷᠪᠠ ᠳᠤ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠪᠡ᠃ ᠣᠶᠢᠷ᠎ᠠ ᠶᠢᠨ ᠵᠢᠯ ᠳᠤ᠂ ᠮᠠᠨ ᠤ ᠬᠤᠲᠠ ᠡᠳ᠋ ᠤᠨ ᠵᠠᠰᠠᠭ ᠤᠨ | ᠪᠡᠯᠡ ᠮᠥᠩᠭᠦ ᠪᠠᠴᠢᠮ ᠪᠠᠶᠢᠭ᠎ᠠ ᠪᠠᠶᠢᠳᠠᠯ ᠳᠣᠣᠷ᠎ᠠ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠡᠯᠡ ᠮᠥᠩᠭᠦ ᠶᠢᠨ | ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠤᠲᠠ ᠶᠢᠨ ᠲᠣᠰ ᠱᠠᠲᠤᠨ ᠠᠴᠠ 4000 ᠲᠦᠮᠡᠨ ᠲᠥᠭᠦᠷᠢᠭ ᠭᠠᠷᠭᠠᠵᠤ᠂ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠴᠡᠷᠢᠭ ᠤᠨ ᠠᠮᠤ ᠪᠤᠳᠠᠭᠠᠨ ᠤ ᠪᠠᠲᠤᠯᠠᠭ᠎ᠠ ᠶᠢᠨ ᠰᠠᠭᠤᠷᠢᠨ ᠭᠠᠵᠠᠷ᠂ ᠠᠮᠤ ᠪᠤᠳᠠᠭᠠᠨ ᠤ | ᠠᠶᠤᠯᠭᠦᠢ ᠶᠢᠨ ᠪᠠᠲᠤᠯᠠᠭ᠎ᠠ ᠶᠢᠨ ᠲᠤᠰᠬᠠᠢ ᠪᠡᠯᠡ ᠮᠥᠩᠭᠦ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠬᠥᠮᠥᠷᠭᠡᠯᠡᠬᠦ ᠲᠥᠬᠦᠭᠡᠷᠦᠮᠵᠢ ᠶᠢ ᠰᠡᠯᠪᠢᠨ | ᠵᠠᠰᠠᠵᠤ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ ᠳᠡᠮᠵᠢᠬᠦ ᠳᠤ ᠬᠡᠷᠡᠭᠯᠡᠪᠡ︔ 2021 ᠣᠨ ᠳᠤ ᠬᠤᠲᠠ ᠶᠢᠨ ᠲᠣᠰ ᠱᠠᠲᠤᠨ ᠠᠴᠠ ᠠᠮᠤ | ᠪᠤᠳᠠᠭᠠᠨ ᠤ ᠠᠰᠢᠭ ᠰᠦᠢᠳᠬᠡᠯ ᠤᠨ ᠨᠥᠬᠦᠪᠦᠷᠢ ᠪᠠ ᠡᠭᠡᠯᠵᠢᠯᠡᠭᠦᠯᠦᠨ ᠰᠣᠯᠢᠬᠤ ᠦᠨ᠎ᠡ ᠶᠢᠨ ᠵᠥᠷᠢᠶ᠎ᠡ ᠶᠢ ᠨᠥᠬᠦᠪᠦᠷᠢᠯᠡᠬᠦ ᠡᠳ᠋ ᠤᠨ ᠵᠠᠰᠠᠭ ᠤᠨ ᠲᠥᠰᠥᠪ ᠤᠨ | ᠪᠡᠯᠡ ᠮᠥᠩᠭᠦ ᠳᠤ 4800 ᠲᠦᠮᠡᠨ ᠲᠥᠭᠦᠷᠢᠭ ᠣᠷᠣᠭᠤᠯᠵᠤ᠂ 2022 ᠣᠨ ᠳᠤ 5000 ᠲᠦᠮᠡᠨ ᠲᠥᠭᠦᠷᠢᠭ ᠬᠦᠷᠪᠡ᠃ ᠳᠥᠷᠪᠡ ᠳᠤ ᠠᠮᠤ ᠪᠤᠳᠠᠭ᠎ᠠ | ᠲᠣᠰᠣ ᠡᠳ᠋ ᠪᠣᠳᠠᠰ ᠤᠨ ᠬᠠᠩᠭᠠᠯᠭ᠎ᠠ ᠶᠢᠨ ᠬᠡᠯᠬᠢᠶ᠎ᠡ ᠶᠢ ᠪᠠᠲᠤᠳᠬᠠᠪᠠ᠃ ᠲᠠᠪᠤ ᠳᠤ ᠠᠵᠢᠯ ᠤᠳ ᠢᠶᠠᠨ ᠤᠷᠢᠳᠴᠢᠯᠠᠨ ᠬᠢᠪᠡ᠃ 2023 ᠣᠨ ᠳᠤ ᠮᠠᠨ ᠤ | ᠬᠤᠲᠠ ᠲᠥᠷᠥᠯ ᠵᠦᠢᠯ ᠤᠨ ᠪᠡᠯᠡ ᠮᠥᠩᠭᠦ ᠶᠢᠨ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠳᠤ ᠢᠯᠡᠭᠦᠬᠡᠨ ᠬᠡᠯᠪᠡᠶᠢᠯᠭᠡᠵᠦ᠂ ᠪᠠᠴᠢᠮ ᠪᠠᠶᠢᠳᠠᠯ ᠢ ᠠᠷᠭᠠᠴᠠᠬᠤ ᠲᠡᠭᠡᠭᠡᠪᠦᠷᠢ ᠶᠢᠨ ᠲᠡᠷᠭᠡ ᠬᠥᠰᠬᠡ ᠪᠠ ᠠᠦ᠋ᠲ᠋ᠣᠴᠢᠯᠠᠭᠰᠠᠨ ᠠᠴᠢᠶᠠᠯᠠᠵᠤ | ᠪᠠᠭᠤᠯᠭᠠᠬᠤ ᠲᠥᠬᠦᠭᠡᠷᠦᠮᠵᠢ ᠬᠦᠷᠦᠯᠴᠡᠬᠦ ᠦᠭᠡᠢ ᠪᠠᠶᠢᠬᠤ ᠵᠡᠷᠭᠡ ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠠᠮᠤ ᠪᠤᠳᠠᠭ᠎ᠠ ᠪᠠ ᠡᠳ᠋ | ᠪᠣᠳᠠᠰ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠤᠨ ᠳᠤᠲᠠᠭᠤᠳᠠᠯ ᠢ ᠨᠥᠬᠦᠪᠦᠷᠢᠯᠡᠬᠦ ᠪᠠᠷ ᠲᠥᠯᠥᠪᠯᠡᠵᠦ ᠪᠠᠶᠢᠷᠢᠯᠠᠭᠤᠯᠪᠠ᠃ ᠬᠤᠲᠠ ᠶᠢᠨ | ᠠᠮᠤ ᠪᠤᠳᠠᠭ᠎ᠠ ᠲᠣᠰᠣ ᠬᠤᠳᠠᠯᠳᠤᠨ ᠠᠪᠴᠤ ᠨᠥᠭᠡᠴᠡᠯᠡᠬᠦ ᠺᠣᠮᠫᠠᠨᠢ ᠶᠢᠨ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ | ᠭᠠᠪᠰᠢᠭᠠᠢ ᠠᠩᠭᠢ ᠶᠢ ᠪᠡᠯᠡᠳᠬᠡᠨ ᠪᠠᠶᠢᠭᠤᠯᠬᠤ ᠶᠢ ᠠᠬᠢᠭᠤᠯᠵᠤ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠨ ᠲᠣᠬᠢᠷᠠᠭᠤᠯᠤᠨ ᠬᠦᠷᠭᠡᠬᠦ᠂ ᠭᠠᠯ | ᠰᠡᠷᠭᠡᠶᠢᠯᠡᠬᠦ ᠦᠶᠡᠷ ᠢ ᠰᠡᠷᠭᠡᠶᠢᠯᠡᠬᠦ᠂ ᠡᠳ᠋ ᠪᠣᠳᠠᠰ ᠤᠨ ᠬᠠᠮᠢᠶᠠᠷᠤᠯᠲᠠ ᠬᠠᠮᠠᠭᠠᠯᠠᠯᠲᠠ ᠳᠤ ᠲᠤᠰᠬᠠᠢ ᠳᠡᠮᠵᠢᠯᠭᠡ ᠬᠠᠩᠭᠠᠨ᠎ᠠ᠃ | ᠬᠥᠲᠥᠯᠥᠭᠴᠢ᠄ | ᠮᠠᠨ ᠤ ᠬᠤᠲᠠ ᠶᠢᠨ ᠠᠮᠤ ᠪᠤᠳᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ | ᠥᠷᠨᠢᠭᠦᠯᠦᠭᠰᠡᠨ ᠪᠤᠢ᠂ ᠲᠠᠷᠠᠭᠠᠴᠢ ᠶᠢᠨ ᠠᠯᠬᠤᠮ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠭᠤᠸ ᠶᠠᠩ᠄ | ᠣᠶᠢᠷ᠎ᠠ ᠶᠢᠨ ᠵᠢᠯ ᠤᠳ ᠲᠤ ᠮᠠᠨ ᠤ ᠬᠤᠲᠠ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ | ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠤᠭᠰᠠᠨ ᠪᠠᠶᠢᠨ᠎ᠠ᠄ ᠨᠢᠭᠡ ᠳᠤ ᠴᠢᠨᠠᠷ ᠰᠠᠶᠢᠲᠠᠢ ᠠᠮᠤ | ᠪᠤᠳᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠪᠡ᠃ ︽︿ᠠᠷᠪᠠᠨ ᠳᠥᠷᠪᠡᠳᠦᠭᠡᠷ ᠲᠠᠪᠤᠨ ᠵᠢᠯ﹀ | ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠭᠦᠨᠵᠡᠭᠡᠢ ᠠᠬᠢᠭᠤᠯᠬᠤ ᠶᠡᠷᠦᠩᠬᠡᠢ ᠬᠡᠷᠡᠭᠵᠢᠭᠦᠯᠬᠦ | ᠲᠥᠰᠥᠯ︾ ᠢ ᠰᠤᠳᠤᠯᠤᠨ ᠲᠣᠭᠲᠠᠭᠠᠵᠤ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ︽ᠲᠠᠪᠤᠨ ᠰᠢᠯᠢᠳᠡᠭ ᠢ ᠬᠤᠯᠪᠣᠯᠳᠤᠭᠤᠯᠬᠤ︾ ︽ᠭᠤᠷᠪᠠᠨ | ᠬᠡᠯᠬᠢᠶ᠎ᠡ ᠶᠢ ᠬᠠᠮᠵᠢᠯᠴᠠᠭᠤᠯᠬᠤ︾ ︽ᠵᠢᠷᠭᠤᠭᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠲᠥᠪ ᠤᠨ | ᠨᠥᠬᠦᠪᠦᠷᠢ ᠮᠥᠩᠭᠦ 8767 ᠲᠦᠮᠡᠨ ᠲᠥᠭᠦᠷᠢᠭ ᠢ ᠲᠡᠮᠡᠴᠡᠨ ᠣᠯᠵᠤ᠂ ᠠᠮᠤ ᠲᠣᠰᠣ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ | 150 ᠭᠠᠷᠤᠢ ᠬᠤᠳᠠᠯᠳᠤᠨ ᠠᠪᠴᠤ᠂ ᠠᠮᠤ ᠪᠤᠳᠠᠭ᠎ᠠ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡᠨ ᠤ ᠲᠥᠪ ᠢ 40᠂ ︽ᠰᠠᠶᠢᠨ ᠠᠮᠤ ᠪᠤᠳᠠᠭ᠎ᠠ | ᠲᠣᠰᠣ︾ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ 25᠂ ︽ᠰᠠᠶᠢᠨ ᠠᠮᠤ ᠪᠤᠳᠠᠭ᠎ᠠ ᠲᠣᠰᠣ︾ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠠᠪᠴᠠᠩ ᠢ 1᠂ ︽ᠰᠠᠶᠢᠨ ᠠᠮᠤ ᠪᠤᠳᠠᠭ᠎ᠠ ᠲᠣᠰᠣ︾ ᠶᠢᠨ ᠪᠦᠲᠦᠭᠡᠭᠳᠡᠬᠦᠨ ᠢ 11 ᠪᠠᠶᠢᠭᠤᠯᠵᠤ᠂ ᠠᠮᠤ ᠪᠤᠳᠠᠭ᠎ᠠ ᠲᠣᠰᠣᠨ ᠤ ᠲᠦᠷᠦᠯ ᠲᠡᠮᠳᠡᠭ ᠤᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠤᠯᠠᠨ ᠭᠠᠵᠠᠷ ᠣᠷᠣᠨ ᠤ ᠨᠡᠷᠡᠳᠤ ᠲᠦᠷᠦᠯ ᠲᠡᠮᠳᠡᠭ ᠢ ᠪᠣᠶᠢᠵᠢᠭᠤᠯᠤᠨ᠂ ᠠᠮᠤ ᠪᠤᠳᠠᠭᠠᠨ ᠤ ᠪᠦᠬᠦ ᠠᠵᠤ | ᠦᠢᠯᠡᠰ ᠤᠨ ᠬᠡᠯᠬᠢᠶ᠎ᠡ ᠶᠢᠨ ᠪᠥᠭᠡᠮᠨᠡᠷᠡᠨ ᠬᠥᠭᠵᠢᠬᠦ ᠶᠢ ᠲᠦᠯᠬᠢᠨ ᠠᠬᠢᠭᠤᠯᠪᠠ᠃ ᠬᠤᠶᠠᠷ ᠲᠤ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠰᠢ ᠳᠠᠭᠤᠯᠠᠬᠤ︾ ᠠᠵᠢᠯ ᠢ ᠰᠠᠶᠢᠲᠤᠷ | ᠬᠢᠵᠦ᠂ ᠴᠢᠨᠠᠷ ᠰᠠᠶᠢᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠥᠬᠦ ᠤᠯᠤᠰ ᠤᠨ ᠠᠮᠤ ᠪᠤᠳᠠᠭᠠᠨ ᠤ ᠠᠷᠠᠯᠵᠢᠶ᠎ᠠ ᠶᠢᠨ ᠶᠡᠭᠡ ᠬᠤᠷᠠᠯ ᠳᠤ ᠢᠳᠡᠪᠬᠢᠲᠡᠢ | ᠣᠷᠣᠯᠴᠠᠭᠤᠯᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠨ᠂ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠮᠠᠨ ᠤ ᠬᠤᠲᠠ ᠶᠢᠨ ᠰᠠᠶᠢᠨ ᠠᠮᠤ ᠪᠤᠳᠠᠭ᠎ᠠ ᠲᠣᠰᠣᠨ ᠤ ᠪᠣᠷᠤᠯᠠᠭᠤᠯᠭ᠎ᠠ ᠶᠢ ᠥᠷᠭᠡᠳᠬᠡᠨ᠂ ᠠᠮᠤ ᠪᠤᠳᠠᠭ᠎ᠠ ᠲᠣᠰᠣᠨ ᠤ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠭᠤᠷᠪᠠ ᠳᠤ ᠠᠮᠤ ᠪᠤᠳᠠᠭᠠᠨ ᠤ ᠬᠦᠷᠢᠶᠡᠨ ᠳᠠᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠢ ᠰᠠᠶᠢᠲᠤᠷ ᠬᠢᠪᠡ᠃ ᠳᠥᠷᠪᠡ ᠳᠤ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠃ | ᠬᠥᠲᠥᠯᠥᠭᠴᠢ᠄ | ᠣᠳᠣᠬᠠᠨ ᠳᠤ ᠮᠠᠨ ᠤ ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠶᠠᠭ ᠶᠠᠪᠤᠭᠳᠠᠵᠤ ᠪᠠᠶᠢᠨ᠎ᠠ᠂ ᠮᠠᠨ ᠤ ᠬᠤᠲᠠ ᠶᠢᠨ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠧᠦ ᠶᠠᠩ ᠵᠢᠶᠦ᠋ᠨ᠄ | 2022 ᠣᠨ ᠳᠤ ᠮᠠᠨ ᠤ ᠬᠤᠲᠠ ᠶᠢᠨ ᠠᠮᠤ ᠪᠤᠳᠠᠭᠠᠨ ᠤ ᠳᠠᠷᠢᠬᠤ ᠲᠠᠯᠠᠪᠠᠶ 501.7 ᠲᠦᠮᠡᠨ ᠮᠦ᠂ ᠡᠷᠳᠡᠨᠢ ᠰᠢᠰᠢ ᠶᠢᠨ ᠳᠠᠷᠢᠬᠤ ᠲᠠᠯᠠᠪᠠᠶ 359. | 1 ᠲᠦᠮᠡᠨ ᠮᠦ᠃ ᠪᠥᠬᠦ ᠬᠤᠲᠠ ᠶᠢᠨ ᠠᠮᠤ ᠪᠤᠳᠠᠭᠠᠨ ᠤ ᠶᠡᠷᠦᠩᠬᠡᠢ ᠤᠨᠠᠯᠲᠠ 183 ᠲᠦᠮᠡᠨ ᠲᠣᠨ ᠬᠦᠷᠴᠦ᠂ ᠡᠭᠦᠨ ᠳᠤ ᠡᠷᠳᠡᠨᠢ ᠰᠢᠰᠢ ᠶᠢᠨ ᠶᠡᠷᠦᠩᠬᠡᠢ | ᠤᠨᠠᠯᠲᠠ 155.8 ᠲᠦᠮᠡᠨ ᠲᠣᠨ᠂ ᠰᠢᠷ᠎ᠠ ᠪᠤᠷᠴᠠᠭ ᠤᠨ ᠭᠠᠷᠤᠯᠲᠠ 1.7 ᠲᠦᠮᠡᠨ ᠲᠣᠨ ᠳᠤ ᠬᠦᠷᠴᠡᠢ᠃ ᠮᠠᠨ ᠤ ᠵᠥᠪᠯᠡᠯ ︽2022 ᠣᠨ ᠤ ᠪᠥᠬᠦ | ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠣᠰ ᠭᠠᠵᠠᠷ ᠤᠨ | ᠨᠠᠷᠢᠯᠢᠭ ᠡᠳ᠋ᠰᠢᠭᠦᠯᠬᠦ᠂ ᠲᠡᠵᠢᠭᠡᠯ ᠪᠣᠷᠳᠤᠭ᠎ᠠ ᠶᠢᠨ ᠠᠵᠤ ᠠᠬᠤᠶᠢᠯᠠᠯ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠣᠯᠠᠨ ᠪᠠᠶᠢᠬᠤ | ᠳᠠᠪᠠᠭᠤᠯᠢᠭ ᠢ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠣᠯᠠᠨ ᠶᠠᠩᠵᠤ ᠪᠠᠷ ᠬᠤᠳᠠᠯᠳᠤᠨ ᠠᠪᠬᠤ ᠶᠢ ᠢᠳᠡᠪᠬᠢᠲᠡᠢ ᠥᠷᠨᠢᠭᠦᠯᠵᠦ᠂ ᠨᠠᠮᠤᠷ ᠤᠨ | ᠬᠤᠷᠢᠶᠠᠯᠲᠠ ᠶᠢᠨ ᠬᠤᠳᠠᠯᠳᠤᠨ ᠠᠪᠬᠤ ᠬᠤᠭᠤᠴᠠᠭᠠᠨ ᠳᠤ᠂ ᠪᠥᠬᠦ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ ᠠᠮᠤ ᠪᠤᠳᠠᠭ᠎ᠠ ᠬᠤᠳᠠᠯᠳᠤᠨ | ᠠᠪᠬᠤ ᠳᠤ 28.27 ᠳ᠋ᠦᠩᠰᠢᠭᠤᠷ ᠲᠥᠭᠦᠷᠢᠭ ᠤᠨ ᠪᠡᠯᠡ ᠮᠥᠩᠭᠦ ︵ᠡᠭᠦᠨ ᠳᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠤ ᠠᠬᠤᠶᠢᠯᠠᠯ ᠤᠨ ᠪᠡᠯᠡ | ᠮᠥᠩᠭᠦ 1.3 ᠳ᠋ᠦᠩᠰᠢᠭᠤᠷ ᠲᠥᠭᠦᠷᠢᠭ︶ ᠪᠡᠯᠡᠳᠬᠡᠪᠡ᠃ | ᠬᠥᠲᠥᠯᠥᠭᠴᠢ᠄ | ᠡᠭᠡᠯ ᠢᠷᠭᠡᠳ᠂ ᠲᠠᠷᠢᠶᠠᠴᠢᠳ ᠠᠮᠤ ᠪᠤᠳᠠᠭ᠎ᠠ ᠬᠤᠳᠠᠯᠳᠤᠬᠤ ᠶᠠᠪᠤᠴᠠ ᠳᠤ ᠶᠠᠮᠠᠷ ᠨᠢᠭᠡᠨ ᠠᠰᠠᠭᠤᠳᠠᠯ ᠭᠠᠷᠪᠠᠯ ᠶᠠᠮᠠᠷ ᠠᠷᠭ᠎ᠠ ᠵᠠᠮ ᠢᠶᠠᠷ ᠲᠤᠰᠬᠠᠬᠤ | ᠶᠣᠰᠣᠲᠠᠢ ᠪᠤᠶ ᠭᠡᠳᠡᠭ ᠢ ᠰᠦᠯᠵᠢᠶᠡᠨ ᠨᠠᠶᠢᠵᠠ ᠨᠠᠷ ᠠᠩᠬᠠᠷᠴᠤ ᠪᠠᠶᠢᠨ᠎ᠠ᠃ | ᠸᠠᠩ ᠬᠠᠨ ᠮᠧᠩ᠄ | 12325 ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠪᠠᠷ ᠲᠤᠰᠬᠠᠵᠤ ᠪᠣᠯᠣᠨ᠎ᠠ᠃ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠤᠨ | ᠨᠥᠭᠡᠴᠡᠯᠡᠯᠲᠡ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ 12325 ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ | ᠡᠷᠬᠢᠯᠡᠭᠰᠡᠨ ᠨᠢ ᠳᠠᠷᠤᠢ ᠲᠠᠷᠢᠶᠠᠴᠢᠨ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠡᠯ᠎ᠡ ᠲᠦᠷᠦᠯ ᠤᠨ ᠠᠵᠤ ᠠᠬᠤᠶᠢᠯᠠᠯ ᠪᠣᠯᠣᠨ | ᠬᠡᠷᠡᠭᠯᠡᠭᠴᠢᠳ ᠢ ᠪᠠᠭᠲᠠᠭᠠᠭᠰᠠᠨ ᠥᠷᠭᠡᠨ ᠤᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠶᠤᠮ᠃ | ᠣᠯᠠᠨ ᠢᠶᠠᠷ ᠢᠶᠠᠨ ᠬᠡᠷᠪᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠲᠣᠬᠢᠶᠠᠯᠳᠤᠵᠤ᠂ ᠬᠡᠷᠡᠭᠯᠡᠭᠴᠢᠳ᠂ ᠠᠮᠤ ᠪᠤᠳᠠᠭ᠎ᠠ ᠳᠠᠷᠢᠬᠤ | ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠳᠠᠯ ᠭᠠᠷᠪᠠᠯ᠂ ᠴᠠᠭ ᠲᠤᠬᠠᠢ ᠳᠤᠨᠢ 12325 ᠤᠨ ᠪᠥᠬᠦ ᠤᠯᠤᠰ ᠤᠨ ᠢᠯᠡᠴᠢᠯᠡᠨ ᠮᠡᠳᠡᠭᠦᠯᠬᠦ | ᠬᠠᠯᠠᠮᠰᠢᠯ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠂ ᠢᠯᠡᠴᠢᠯᠡᠨ ᠮᠡᠳᠡᠭᠦᠯᠦᠭᠰᠡᠨ ᠢ ᠣᠯᠣᠭᠰᠠᠨ ᠤ ᠳᠠᠷᠠᠭ᠎ᠠ ᠪᠢᠳᠡ ᠯᠠᠪᠲᠠᠢ ᠪᠠᠶᠢᠴᠠᠭᠠᠵᠤ | ᠲᠤᠶᠢᠯᠪᠤᠷᠢᠲᠠᠢ ᠪᠠᠶᠢᠴᠠᠭᠠᠵᠤ᠂ ᠬᠠᠮᠤᠭ ᠡᠴᠦᠰ ᠲᠤ ᠢᠯᠡᠴᠢᠯᠡᠨ ᠮᠡᠳᠡᠭᠦᠯᠦᠭᠰᠡᠳ ᠲᠤ ᠲᠣᠳᠣᠷᠬᠠᠢ ᠬᠠᠷᠢᠭᠤᠯᠲᠠ ᠥᠭᠭᠦᠨ᠎ᠡ᠃ | ᠬᠥᠲᠥᠯᠥᠭᠴᠢ᠄ | ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠠᠪᠤᠴᠠ ᠳᠤ ᠪᠢᠳᠡ ᠬᠢᠨᠠᠯᠲᠠ ᠬᠠᠮᠢᠶᠠᠷᠤᠯᠲᠠ ᠪᠠᠨ ᠬᠡᠷᠬᠢᠨ ᠴᠢᠩᠭᠠᠳᠬᠠᠭᠰᠠᠨ ᠪᠤᠢ︖ | | ᠯᠢᠦ ᠬᠤᠩ ᠯᠦᠩ᠄ | ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠯᠲᠠ ᠥᠷᠨᠢᠭᠦᠯᠦᠨ᠎ᠡ᠂ ᠡᠭᠦᠨ ᠳᠤ ︽ᠳᠥᠷᠪᠡᠨ | ᠦᠭᠡᠢ ᠬᠤᠶᠠᠷ ᠰᠢᠭᠤᠳ︾ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠵᠡᠷᠭᠡ ᠠᠵᠢᠯ ᠤᠨ ᠠᠷᠭ᠎ᠠ ᠶᠢ ᠨᠠᠷᠢᠯᠢᠭ ᠣᠨᠣᠴᠢᠲᠠᠢ ᠪᠠᠷ ᠬᠡᠷᠡᠭᠯᠡᠬᠦ ᠶᠢ | ᠪᠠᠭᠲᠠᠭᠠᠨ᠎ᠠ᠂ ᠪᠠᠰᠠ ᠰᠠᠶ᠋ᠢᠬᠠᠨ ᠳᠤᠷᠠᠳᠤᠭᠰᠠᠨ 12325 ᠢᠯᠡᠴᠢᠯᠡᠨ ᠮᠡᠳᠡᠭᠦᠯᠬᠦ ᠬᠠᠯᠠᠭᠤᠨ ᠤᠲᠠᠰᠤ ᠪᠠ ᠡᠯ᠎ᠡ ᠲᠥᠷᠥᠯ ᠤᠨ ᠲᠤᠰᠬᠠᠢ ᠲᠥᠷᠥᠯ ᠤᠨ | ᠪᠠᠶᠢᠴᠠᠭᠠᠯᠲᠠ ᠶᠢ ᠪᠠᠭᠲᠠᠭᠠᠨ᠎ᠠ᠃ ᠬᠤᠳᠠᠯᠳᠤᠨ ᠠᠪᠬᠤ ᠠᠵᠤ ᠠᠬᠤᠶᠢᠯᠠᠯ ᠬᠤᠳᠠᠯᠳᠤᠨ ᠠᠪᠬᠤ ᠭᠠᠵᠠᠷ ᠲᠠᠭᠠᠨ ᠬᠤᠳᠠᠯᠳᠤᠨ ᠠᠪᠬᠤ ᠠᠮᠤ ᠪᠤᠳᠠᠭᠠᠨ ᠤ | ᠲᠦᠷᠦᠯ ᠵᠦᠢᠯ᠂ ᠶᠠᠰᠤ ᠴᠢᠨᠠᠷ ᠤᠨ ᠪᠠᠷᠢᠮᠵᠢᠶ᠎ᠠ᠂ ᠬᠡᠮᠵᠢᠶ᠎ᠡ ︵ᠦᠨ᠎ᠡ ᠬᠠᠩᠰᠢ︶ ᠶᠢ ᠨᠤᠭᠤᠯᠵᠤ ᠪᠣᠳᠣᠬᠤ ᠳᠦᠷᠢᠮ ᠵᠡᠷᠭᠡ ᠬᠤᠯᠪᠣᠭᠳᠠᠯ ᠪᠦᠬᠦᠢ ᠮᠡᠳᠡᠭᠡ | ᠵᠠᠩᠭᠢ ᠶᠢ ᠢᠯᠡ ᠨᠡᠶᠢᠲᠡᠯᠡᠭᠰᠡᠨ ᠡᠰᠡᠬᠦ᠂ ᠲᠡᠰ ᠢ ᠨᠢ ᠳᠠᠷᠤᠵᠤ ᠦᠨ᠎ᠡ ᠶᠢ ᠨᠢ ᠪᠠᠭᠤᠷᠠᠭᠤᠯᠬᠤ᠂ ᠵᠢᠩ ᠢ ᠨᠢ ᠬᠠᠰᠤᠬᠤ᠂ ᠠᠮᠤ ᠪᠤᠳᠠᠭ᠎ᠠ ᠬᠤᠳᠠᠯᠳᠤᠬᠤ | ᠵᠣᠭᠤᠰ ᠢ ᠥᠷᠢᠲᠦᠬᠦ ᠵᠡᠷᠭᠡ ᠲᠠᠷᠢᠶᠠᠴᠢᠳ ᠢ ᠬᠤᠣᠷᠯᠠᠵᠤ ᠬᠤᠬᠢᠷᠠᠭᠤᠯᠤᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠶᠢ | ᠭᠤᠣᠯᠳᠠᠯᠭ᠎ᠠ ᠲᠠᠢ ᠠᠩᠬᠠᠷᠴᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ ᠬᠦ ᠪᠠᠲᠤᠯᠠᠵᠤ᠂ ᠠᠮᠤ | ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠨ᠎ᠠ᠃ | ᠬᠠᠮᠢᠶᠠᠷᠤᠭᠴᠢ᠄ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ᠂ | ᠠᠮᠤ ᠪᠤᠳᠠᠭᠠᠨ ᠤ ᠨᠥᠭᠡᠴᠡᠯᠡᠯᠲᠡ ᠶᠢᠨ ᠰᠠᠯᠠᠭ᠎ᠠ ᠶᠢᠨ ᠦ᠋ ᠭᠠᠩ ᠵᠤ᠋᠂ ᠠᠮᠤ ᠪᠤᠳᠠᠭᠠᠨ ᠤ ᠲᠣᠬᠢᠷᠠᠭᠤᠯᠤᠯᠲᠠ ᠡᠵᠡᠮᠳᠡᠯ ᠤᠨ ᠰᠠᠯᠠᠭ᠎ᠠ ᠶᠢᠨ ᠧᠦ ᠶᠠᠩ ᠵᠢᠶᠦ᠋ᠨ᠂ | ᠠᠮᠤ ᠪᠤᠳᠠᠭᠠᠨ ᠤ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠰᠠᠯᠠᠭ᠎ᠠ ᠶᠢᠨ ᠭᠤᠤ ᠶᠠᠩ᠂ ᠠᠮᠤ ᠪᠤᠳᠠᠭᠠᠨ ᠤ ᠬᠢᠨᠠᠯᠲᠠ ᠪᠠᠶᠢᠴᠠᠭᠠᠯᠲᠠ ᠶᠢᠨ | ᠰᠠᠯᠠᠭ᠎ᠠ ᠶᠢᠨ ᠸᠠᠩ ᠬᠠᠨ ᠮᠧᠩ ᠨᠠᠷ ᠲᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ | ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠯ᠎ᠠ᠃ |