ᠪᠦᠬᠦ ᠬᠤᠲᠠ ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠪᠲᠤᠯᠤᠯᠲᠠ ᠶᠢᠨ ᠬᠤᠷᠠᠯ ᠵᠢᠴᠢ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/28
      ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 27 ᠤ ᠡᠳᠦᠷ᠂ ᠪᠦᠬᠦ ᠬᠤᠳᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠪᠲᠤᠯᠤᠯᠲᠠ ᠶᠢᠨ ᠬᠤᠷᠠᠯ ᠵᠢᠴᠢ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠮᠠᠨ ᠤ ᠬᠤᠲᠠ ᠶᠢᠨ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠪᠠ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠣᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠬᠠᠷᠠᠯᠲᠠ︾ ᠶᠢ ᠰᠠᠶᠢᠲᠤᠷ ᠠᠩᠬᠠᠷᠴᠤ᠂ ᠳᠡᠭᠡᠷ᠎ᠡ ᠠᠴᠠ ᠳᠣᠷᠣᠭᠰᠢ ᠪᠠᠨ ᠪᠦᠬᠦᠨ ᠢᠶᠠᠷ ᠢᠶᠠᠨ ᠬᠥᠳᠡᠯᠦᠯᠴᠡᠵᠦ᠂ ᠠᠵᠢᠯ ᠳᠠᠭᠠᠨ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠣᠷᠣᠨ ᠦᠯᠡᠳᠡᠭᠡᠬᠦ ᠦᠭᠡᠢ ᠪᠠᠷ ᠡᠯ᠎ᠡ ᠵᠦᠢᠯ ᠤᠨ ᠠᠵᠢᠯ ᠤᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ︽ᠠᠰᠠᠭᠤᠳᠠᠯ︾ ᠢ ᠰᠠᠶᠢᠲᠤᠷ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ ᠰᠠᠶᠢᠲᠤᠷ ᠠᠳᠬᠤᠵᠤ᠂ ᠨᠠᠷᠢᠨ ᠬᠠᠭᠤᠳᠠᠰᠤ ᠭᠠᠷᠭᠠᠨ ᠡᠬᠡ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ︽ᠬᠤᠭᠤᠰᠤᠯᠠᠲᠠᠯ᠎ᠠ︾ ᠰᠢᠢᠳᠪᠦᠷᠢᠯᠡᠬᠦ ᠬᠡᠷᠡᠭᠲᠡᠢ᠃ ︽ᠬᠢᠨᠠᠨ ᠰᠢᠯᠭᠠᠬᠤ︾ ᠶᠢ ᠰᠠᠶᠢᠲᠤᠷ ᠠᠩᠬᠠᠷᠴᠤ᠂ ᠮᠠᠲ᠋ᠧᠷᠢᠶᠠᠯ ᠬᠠᠩᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠤᠬᠠᠭᠤᠯᠵᠤ ᠬᠥᠲᠥᠯᠥᠨ ᠵᠢᠯᠤᠭᠤᠳᠬᠤ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ︽ᠨᠠᠶᠢᠳᠠᠪᠤᠷᠢᠵᠢᠭᠤᠯᠬᠤ︾ ᠶᠢ ᠴᠢᠩᠭ᠎ᠠ ᠠᠩᠬᠠᠷᠴᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠬᠤᠳᠠ ᠶᠢᠨ ᠲᠡᠰ ᠳᠠᠪᠬᠤᠷᠭ᠎ᠠ ᠠᠴᠠ ᠨᠢᠭᠡᠳᠦᠯᠲᠡᠢ ᠰᠠᠶᠢᠲᠤᠷ ᠲᠥᠯᠥᠪᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠬᠢᠨ ᠬᠡᠷᠡᠭᠵᠢᠭᠦᠯᠬᠦ ᠭᠤᠣᠯ ᠴᠣᠭᠴᠠ ᠪᠣᠯᠤᠭᠰᠠᠨ ᠤ ᠬᠤᠪᠢ ᠳᠤ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠠᠷᠢᠯᠴᠠᠨ ᠣᠯᠣᠯᠴᠠᠵᠤ ᠨᠢᠭᠲᠠᠷᠠᠨ ᠬᠠᠮᠵᠢᠯᠴᠠᠵᠤ᠂ ᠤᠬᠠᠭᠤᠯᠤᠨ ᠳᠠᠶᠢᠴᠢᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠠᠷᠠᠳ ᠢ ᠲᠠᠶᠢᠴᠢᠯᠠᠵᠦ᠂ ᠪᠦᠬᠦ ᠠᠷᠠᠳ ᠢᠶᠠᠷ ᠢᠶᠠᠨ ᠣᠷᠣᠯᠴᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠴᠢᠷᠮᠠᠶᠢᠵᠤ᠂ ᠡᠯ᠎ᠡ ᠵᠦᠢᠯ ᠤᠨ ᠠᠵᠢᠯ ᠤᠨ ᠵᠢᠱᠢᠭᠰᠡᠨ ᠦᠷ᠎ᠡ ᠪᠦᠲᠦᠮᠵᠢ ᠳᠤ ᠬᠦᠷᠬᠦ ᠬᠡᠷᠡᠭᠲᠡᠢ᠃ ︽ᠠᠶᠤᠯᠭᠦᠢ︾ ᠶᠢ ᠰᠠᠶᠢᠲᠤᠷ ᠠᠩᠬᠠᠷᠴᠤ᠂ ᠭᠠᠳᠠᠷ ᠣᠷᠣᠨ ᠤ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠠᠭᠤᠷᠠᠢ ᠭᠤᠭᠴᠤᠭ᠎ᠠ ᠪᠣᠯᠣᠨ ᠲᠣᠪᠣᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃      ᠼᠦᠢ ᠵᠧᠨ ᠦ᠋᠂ ᠯᠢᠦ ᠴᠧᠩ ᠮᠢᠨ᠂ ᠰᠢᠨ᠎ᠡ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ