ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/28
ᠾᠧ ᠬᠠᠢ ᠳ᠋ᠦᠩ ᠯᠢ ᠵᠢᠶᠦ᠋ᠩ ᠣᠷᠣᠯᠴᠠᠵᠠᠢ      ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠪᠠ ᠪᠢᠴᠢᠭ ᠢᠶᠠᠷ ᠰᠤᠳᠤᠯᠤᠨ ᠶᠠᠷᠢᠯᠴᠠᠬᠤ ᠬᠡᠯᠪᠡᠷᠢ ᠪᠠᠷ ᠬᠤᠷᠠᠯᠳᠤᠵᠤ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠤᠳᠤᠯᠬᠤ ᠲᠠᠰᠤᠭ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠴᠢᠩ ᠴᠢᠤᠸᠠᠨ ᠢ ᠤᠷᠢᠵᠤ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠶᠦ᠋ᠩ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢ ᠴᠢᠩ ᠴᠢᠤᠸᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠢᠬᠤᠯᠠ ᠶᠡᠭᠡ ᠵᠠᠷᠴᠢᠮ ᠵᠡᠷᠭᠡ ᠲᠠᠪᠤᠨ ᠲᠠᠯ᠎ᠠ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠭᠦᠨᠵᠡᠭᠡᠢ ᠣᠶᠢᠯᠠᠭᠠᠮᠵᠢᠲᠠᠢ ᠲᠠᠶᠢᠯᠤᠮᠵᠢ ᠬᠢᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠳᠤ ᠰᠢᠨ᠎ᠡ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠭᠦᠨᠵᠡᠭᠡᠢ ᠣᠶᠢᠯᠠᠭᠠᠵᠤ᠂ ᠣᠷᠣᠨ ᠤ ᠲᠥᠪ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠭᠠᠷᠳᠠᠴᠠ ᠪᠠᠨ ᠣᠨᠣᠪᠴᠢᠲᠠᠢ ᠣᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠲᠦᠷᠭᠡᠨ ᠪᠦᠲᠦᠭᠡᠨ ᠪᠠᠶᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠵᠢᠴᠢ ᠬᠤᠳᠠ ᠶᠢᠨ ᠱᠠᠲᠤᠨ ᠤ ᠪᠤᠰᠤᠳ ᠤᠳᠤᠷᠢᠳᠬᠤ ᠨᠥᠬᠦᠳ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ