ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/28
ᠴᠠᠩ ᠫᠧᠢ ᠵᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠦ ᠬᠤᠢ ᠬᠤᠢ᠂ ᠭᠧᠩ ᠰᠢᠨ︶ 2 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠠᠩ ᠫᠧᠢ ᠵᠥᠩ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠳᠡᠳ᠋ ᠡᠷᠬᠢᠯᠡᠭᠴᠢ ᠦ᠋ ᠸᠧᠨ ᠮᠢᠩ᠂ ᠯᠠᠨ ᠹᠧᠩ᠂ ᠭᠦᠸᠧ ᡁᠢ ᠭᠠᠩ᠂ ᠶᠢᠨ ᠴᠦᠨ ᠯᠢᠶᠠᠩ᠂ ᠵᠠᠩ ᠵᠥᠩ ᠳ᠋ᠦᠩ᠂ ᠶᠦᠨ ᠢᠦᠢ ᠮᠧᠶ᠂ ᠨᠠᠷᠢᠨ ᠪᠢᠴᠢᠭ ᠤᠨ ᠳᠠᠷᠤᠭ᠎ᠠ ᠰᠢᠩ ᠵᠢᠶᠦ᠋ᠨ ᠫᠢᠩ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠣᠣ ᠰᠢ ᠮᠢᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠰᠢᠶᠣᠣ ᠬᠤᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽2022 ᠣᠨ ᠤ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ᠂ ︽ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠠᠵᠢᠯ ᠤᠨ ᠭᠤᠣᠯᠳᠠᠯᠭ᠎ᠠ︾᠂ ︽ᠬᠥᠬᠡᠬᠤᠲᠠ ᠶᠢᠨ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ︾᠂ ︽ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ︾ ᠶᠢ ᠪᠠᠲᠤᠯᠠᠪᠠ᠃      ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ