ᠪᠠᠭ᠎ᠠ ᠨᠢ ᠶᠡᠭᠡ ᠪᠠᠨ ᠬᠥᠲᠥᠯᠵᠦ  ᠪᠣᠯᠪᠠᠰᠤᠨ ᠬᠤᠳᠠ ᠶᠢ ᠬᠠᠮᠲᠤ ᠪᠠᠷ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2023/2/28
20230228-1.jpg
20230228.jpg
      ᠣᠶᠢᠷ᠎ᠠ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠨᠡᠶᠢᠭᠡᠮᠯᠢᠭ᠂ ᠥᠪᠥᠷ ᠮᠣᠩᠭᠤᠯ ᠤᠨ ᠪᠢᠴᠢᠬᠠᠨ ᠰᠣᠷᠪᠣᠯᠵᠢᠯᠠᠭᠴᠢᠳ ᠤᠨ ᠨᠡᠶᠢᠭᠡᠮᠯᠢᠭ ᠠᠴᠠ ᠳᠠᠭᠠᠭᠠᠨ ᠡᠷᠭᠢᠯᠡᠭᠰᠡᠨ ︽ᠪᠣᠯᠪᠠᠰᠤᠨ ᠤ ᠦᠢᠯᠡᠳᠦᠯᠭᠡ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠷ ᠬᠥᠲᠥᠯᠥᠭᠦᠯᠦᠶ᠎ᠡ ︱ ᠪᠠᠭ᠎ᠠ ᠨᠢ ᠶᠡᠭᠡ ᠪᠠᠨ ᠬᠥᠲᠥᠯᠵᠦ ᠪᠥᠬᠦ ᠭᠡᠷ ᠲᠡᠭᠡᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠢᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤ ᠣᠷᠣᠯᠴᠠᠬᠤ ᠠᠵᠢᠯᠯᠠᠭ᠎ᠠ ᠶᠠᠪᠤᠭᠳᠠᠪᠠ᠃ ᠪᠢᠴᠢᠬᠠᠨ ᠰᠤᠷᠪᠤᠯᠵᠢᠯᠠᠭᠴᠢ ᠶᠢᠨ ᠭᠡᠷ ᠪᠦᠯᠢ ᠶᠢᠨ ᠬᠢᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠬᠦᠷᠴᠦ ᠲᠣᠭᠤᠷᠢᠨ ᠦᠵᠡᠵᠦ ᠪᠡᠶᠡᠴᠢᠯᠡᠨ ᠣᠶᠢᠯᠠᠭᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠤᠰᠬᠠᠢ ᠮᠡᠷᠭᠡᠵᠢᠯᠲᠡᠨ ᠠᠴᠠ ᠪᠢᠴᠢᠬᠠᠨ ᠨᠠᠶᠢᠵᠠ ᠨᠠᠷ ᠲᠤ ᠭᠡᠷ ︵ᠥᠨᠳᠥᠷ ᠳᠠᠪᠬᠤᠷᠭ᠎ᠠ︶ ᠤᠨ ᠭᠠᠯ ᠠᠴᠠ ᠰᠡᠷᠭᠡᠶᠢᠯᠡᠨ ᠪᠠᠴᠢᠮ ᠪᠠᠶᠢᠳᠠᠯ ᠳᠤ ᠠᠮᠢ ᠵᠢᠭᠤᠲᠠᠬᠤ᠂ ᠭᠠᠵᠠᠷ ᠬᠥᠳᠡᠯᠦᠯᠲᠡ ᠶᠢᠨ ᠭᠠᠯ ᠤᠨ ᠭᠠᠮᠰᠢᠭ ᠤᠨ ᠪᠠᠴᠢᠮ ᠪᠠᠶᠢᠳᠠᠯ ᠳᠤ ᠰᠢᠨᠵᠢᠯᠡᠬᠦ ᠤᠬᠠᠭᠠᠨᠴᠢ ᠪᠠᠷ ᠠᠮᠢ ᠵᠢᠭᠤᠲᠠᠬᠤ ᠪᠠ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠵᠡᠷᠭᠡ ᠮᠡᠳᠡᠯᠭᠡ ᠶᠢ ᠲᠦᠭᠡᠮᠡᠯᠵᠢᠭᠦᠯᠵᠡᠢ᠃ ᠰᠤᠷᠪᠤᠯᠵᠢᠯᠠᠭᠴᠢ ᠦ᠋ ᠽᠢ ᠰᠢᠤᠸᠠᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ