ᠯᠢ ᠯᠢᠦ ᠰᠢᠶᠤᠤ ᠣᠲᠣ ᠦᠶ᠎ᠡ ᠶᠢᠨ ᠮᠠᠯ ᠠᠵᠤ ᠠᠬᠤᠶ ᠵᠡᠷᠭᠡ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠡᠯᠬᠢᠶ᠎ᠡ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠬᠢᠭᠤᠯᠬᠤ ᠬᠤᠷᠠᠯ ᠬᠢᠪᠠ
ᠨᠡᠶᠢᠲᠡᠯᠡᠭᠰᠡᠨ ᠴᠠᠭ᠄
2023/2/3
2.3李六小调研现代牧业等蒙牛乳业产业园链上项目并召开推进会.jpg
      2 ᠳ᠋ᠤᠭᠠᠷ ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠯᠢᠦ ᠰᠢᠶᠤᠤ ᠣᠲᠣ ᠦᠶ᠎ᠡ ᠶᠢᠨ ᠮᠠᠯ ᠠᠵᠤ ᠠᠬᠤᠶ᠂ ᠠᠢ ᠶᠠᠩ ᠨᠢᠦ ᠵᠡᠷᠭᠡ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠡᠯᠬᠢᠶ᠎ᠡ ᠳᠡᠭᠡᠷᠡᠬᠢ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠬᠡᠷ ᠲᠤᠨᠢ ᠬᠦᠷᠴᠦ ᠵᠣᠯᠭᠠᠭᠤᠯᠤᠨ᠂ ᠠᠵᠤ ᠠᠬᠤᠶᠢᠯᠠᠯ ᠳᠤ ᠰᠢᠯᠢᠳᠡᠭ ᠦᠢᠯᠡᠴᠢᠯᠡᠭᠡ ᠬᠠᠩᠭᠠᠵᠤ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃      ᠯᠢ ᠯᠢᠦ ᠰᠢᠶᠤᠤ ᠨᠠᠷ ᠤᠳᠤ ᠦᠶ᠎ᠡ ᠶᠢᠨ ᠮᠠᠯ ᠠᠵᠤ ᠠᠬᠤᠢ᠂ ᠠᠢ ᠶᠠᠩ ᠨᠢᠦ ᠺᠣᠮᠫᠠᠨᠢ ᠶᠢ ᠲᠣᠭᠤᠷᠢᠨ ᠦᠵᠡᠵᠦ᠂ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ᠂ ᠲᠤᠬᠠᠶᠢᠯᠠᠭᠰᠠᠨ ᠠᠵᠢᠯ ᠤᠨ ᠥᠷᠨᠢᠯᠲᠡ᠂ ᠴᠠᠭ ᠲᠤᠬᠠᠢ ᠳᠤᠨᠢ ᠠᠵᠢᠯᠯᠠᠬᠤ ᠲᠠᠪᠴᠠᠩ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠳᠠᠷᠠᠭ᠎ᠠ ᠪᠠᠷ ᠨᠢ᠂ ᠠᠢ ᠶᠠᠩ ᠨᠢᠦ ᠦᠢᠯᠡᠰ ᠢ ᠬᠥᠭᠵᠢᠭᠦᠯᠦᠨ ᠮᠠᠨᠳᠤᠭᠤᠯᠬᠤ ᠬᠤᠷᠠᠯ ᠤᠨ ᠬᠡᠷ ᠲᠤ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠡᠯᠬᠢᠶ᠎ᠡ ᠳᠡᠭᠡᠷᠡᠬᠢ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠬᠢᠪᠠ᠃      ᠬᠤᠷᠠᠯ ᠳᠡᠭᠡᠷ᠎ᠡ᠂ ᠯᠢ ᠯᠢᠦ ᠰᠢᠶᠤᠤ ᠪᠣᠯᠤᠨ ᠮᠧᠩ ᠨᠢᠦ ᠪᠦᠯᠦᠭᠯᠡᠯ᠂ ᠤᠳᠤ ᠦᠶ᠎ᠡ ᠶᠢᠨ ᠮᠠᠯ ᠠᠵᠤ ᠠᠬᠤᠢ᠂ ᠤᠳᠤ ᠦᠶ᠎ᠡ ᠶᠢᠨ ᠡᠪᠡᠰᠦᠨ ᠤ ᠦᠢᠯᠡᠰ᠂ ᠠᠢ ᠶᠠᠩ ᠨᠢᠦ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠢᠨᠭᠡᠷ ᠰᠢᠶᠠᠨ ᠤ ᠡᠪᠡᠰᠦ ᠪᠣᠷᠳᠤᠭ᠎ᠠ ᠲᠠᠷᠢᠬᠤ ᠵᠢᠴᠢ ᠲᠦᠮᠡᠨ ᠮᠦ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠳᠤ ᠤᠳᠤ ᠦᠶ᠎ᠡ ᠶᠢᠨ ᠮᠠᠯ ᠠᠵᠤ ᠠᠬᠤᠢ ᠨᠢᠭᠡ ᠮᠠᠯᠵᠢᠯ ᠤᠨ ᠵᠤᠭᠠᠴᠠᠯ ᠤᠨ ᠮᠠᠯᠵᠢᠯ ᠤᠨ ᠲᠠᠯᠠᠪᠠᠢ᠂ ᠮᠠᠯᠵᠢᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠢᠴᠢ ᠠᠢ ᠶᠠᠩ ᠨᠢᠦ᠂ ᠡᠭᠦᠯᠡᠨ ᠦᠬᠡᠷ ᠲᠡᠵᠢᠭᠡᠬᠦ ᠠᠷᠠᠯᠵᠢᠶᠠᠨ ᠤ ᠲᠠᠪᠴᠠᠩ ᠪᠣᠯᠤᠨ ᠤᠳᠤ ᠦᠶ᠎ᠡ ᠶᠢᠨ ᠡᠪᠡᠰᠦᠨ ᠤ ᠦᠢᠯᠡᠰ ᠤᠨ ᠡᠪᠡᠰᠦ ᠪᠣᠷᠳᠤᠭ᠎ᠠ ᠶᠢᠨ ᠬᠠᠪᠲᠠᠭᠠᠢ ᠬᠡᠰᠡᠭ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠠᠵᠢᠯ ᠢ ᠭᠦᠨᠵᠡᠭᠡᠢ ᠤᠯᠤᠯᠴᠠᠨ ᠵᠣᠯᠭᠠᠭᠤᠯᠵᠤ᠂ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠨᠠᠷᠢᠨ ᠠᠰᠠᠭᠤᠨ ᠯᠠᠪᠯᠠᠭᠰᠠᠨ ᠤ ᠬᠠᠮᠲᠤ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠵᠠᠢ᠃      ᠯᠢ ᠯᠢᠦ ᠰᠢᠶᠤᠤ ᠱᠠᠭᠠᠷᠳᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠤᠳᠤᠷᠢᠳᠤᠯᠭ᠎ᠠ ᠨᠢ ᠲᠥᠷᠥᠯ ᠵᠦᠢᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠲᠣᠳᠣᠷᠬᠠᠶ ᠪᠣᠯᠭᠠᠵᠤ᠂ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠲᠥᠷᠥᠯ ᠵᠦᠢᠯ ᠤᠨ ᠠᠵᠤ ᠠᠬᠤᠶᠢᠯᠠᠯ ᠢ ᠨᠥᠯᠥᠭᠡᠯᠡᠵᠦ ᠪᠠᠶᠢᠭ᠎ᠠ ᠪᠣᠳᠠᠲᠠᠶ ᠠᠰᠠᠭᠤᠳᠠᠯ ᠢ ᠪᠥᠬᠦ ᠬᠦᠴᠦᠨ ᠢᠶᠠᠷ ᠢᠶᠠᠨ ᠵᠣᠬᠢᠴᠠᠭᠤᠯᠵᠤ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠯᠡᠨ ᠣᠯᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠲᠡᠵᠢᠭᠡᠬᠦ ᠶᠢᠨ ᠲᠥᠯᠥᠭᠡ ᠲᠠᠷᠢᠬᠤ ᠶᠢ ᠪᠠᠷᠢᠮᠲᠠᠯᠠᠵᠤ᠂ ᠲᠠᠷᠢᠶᠠᠴᠢᠳ ᠤᠨ ᠠᠰᠢᠭ ᠲᠤᠰᠠ ᠶᠢ ᠬᠤᠯᠪᠣᠯᠳᠤᠭᠤᠯᠤᠨ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠶᠢ ᠰᠠᠶᠢᠲᠤᠷ ᠬᠢᠵᠦ᠂ ᠡᠪᠡᠰᠦ ᠪᠣᠷᠳᠤᠭ᠎ᠠ ᠶᠢᠨ ᠲᠠᠷᠢᠮᠠᠯ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠲᠡᠰᠢ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠡᠷᠲᠡ ᠠᠴᠠ ᠠᠵᠢᠯ ᠡᠬᠢᠯᠡᠭᠦᠯᠬᠦ᠂ ᠡᠷᠲᠡ ᠠᠴᠠ ᠪᠠᠶᠢᠭᠤᠯᠵᠤ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠵᠠᠰᠠᠭ ᠠᠵᠤ ᠠᠬᠤᠶᠢᠯᠠᠯ ᠨᠢᠭᠡ ᠰᠡᠳᠬᠢᠯ ᠨᠢᠭᠡ ᠵᠣᠷᠢᠭ ᠢᠶᠠᠷ ᠬᠤᠣᠰ ᠴᠢᠭᠯᠡᠯ ᠢᠶᠠᠷ ᠬᠦᠴᠦᠯᠡᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ︽ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠪᠦᠬᠦ ᠪᠥᠮᠪᠥᠷᠴᠡᠭ ᠤᠨ ᠲᠡᠷᠢᠭᠦᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠬᠦᠷᠢᠶ᠎ᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠬᠤᠷᠢᠨᠭᠡᠷ ᠰᠢᠶᠠᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠳᠤ ᠪᠦᠬᠦ ᠬᠦᠴᠦ ᠪᠠᠷ ᠢᠶᠠᠨ ᠦᠢᠯᠡᠴᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠨᠡᠨ ᠰᠡᠳᠬᠢᠯ ᠠᠴᠠ ᠪᠠᠨ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠨᠡᠷ᠎ᠡ ᠬᠦᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠣ ᠹᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠭᠦᠸᠧ ᠸᠧᠨ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠰᠢᠶᠤᠤ ᠮᠢᠩ᠂ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ᠂ ᠸᠧᠶ ᠪᠢᠨ᠂ ᠮᠧᠩ ᠨᠢᠦ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ᠂ ᠰᠦ ᠶᠢᠨ ᠢᠷᠡᠯᠲᠡ ᠶᠢᠨ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠷᠢᠭᠤᠴᠠᠯᠭᠠᠲᠠᠨ᠂ ᠣᠳᠣ ᠦᠶ᠎ᠡ ᠶᠢᠨ ᠮᠠᠯ ᠠᠵᠤ ᠠᠬᠤᠶ ᠶᠢᠨ ᠬᠡᠷᠡᠭ ᠮᠡᠳᠡᠭᠴᠢᠳ ᠤᠨ ᠬᠤᠷᠠᠯ ᠤᠨ ᠲᠡᠷᠢᠭᠦᠯᠡᠭᠴᠢ ᠵᠣᠣ ᠵᠢᠶᠧ ᠵᠢᠶᠦ᠋ᠨ᠂ ᠮᠧᠩ ᠨᠢᠦ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠦ᠋ ᠰᠢ ᠴᠦᠨ᠂ ᠮᠧᠩ ᠨᠢᠦ ᠪᠦᠯᠦᠭᠯᠡᠯ ᠤᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠠᠬᠢᠭᠤᠯᠬᠤ ᠠᠯᠪᠠᠨ ᠬᠡᠷ ᠤᠨ ᠬᠠᠷᠢᠭᠤᠴᠠᠯᠭᠠᠲᠠᠨ ᠦ᠋ ᠵᠢᠶᠠ ᠮᠢᠩ᠂ ᠣᠲᠣ ᠦᠶ᠎ᠡ ᠶᠢᠨ ᠡᠪᠡᠰᠦᠨ ᠤ ᠦᠢᠯᠡᠰ ᠤᠨ ᠶᠡᠷᠦᠩᠬᠡᠶ ᠵᠠᠬᠢᠷᠤᠯ ᠬᠤᠸᠠᠩ ᠶᠦᠩ ᠴᠢᠶᠠᠩ᠂ ᠠᠶ ᠶᠠᠩ ᠨᠢᠤ ᠺᠣᠮᠫᠠᠨᠢ ᠶᠢᠨ ᠭᠦᠢᠴᠡᠳᠬᠡᠬᠦ ᠶᠡᠷᠦᠩᠬᠡᠶ ᠵᠠᠬᠢᠷᠤᠯ ᠵᠠᠩ ᠸᠧᠶ᠂ ᠣᠲᠣ ᠦᠶ᠎ᠡ ᠶᠢᠨ ᠮᠠᠯ ᠠᠵᠤ ᠠᠬᠤᠶ ᠶᠢᠨ ᠵᠧᠩ ᠶᠤᠸᠠᠨ ᠮᠠᠯᠵᠢᠯ ᠤᠨ ᠲᠠᠯᠠᠪᠠᠶ ᠶᠢᠨ ᠶᠡᠷᠦᠩᠬᠡᠶ ᠳᠠᠭᠠᠭᠠᠮᠠᠯ ᠭᠤᠤ ᠵᠢᠶᠠᠨ ᠭᠠᠩ᠂ ᠮᠧᠩ ᠨᠢᠤ ᠪᠦᠯᠦᠭᠯᠡᠯ ᠤᠨ ᠰᠦ ᠶᠢᠨ ᠦᠢᠯᠡᠰ ᠤᠨ ᠡᠬᠢ ᠰᠤᠷᠪᠤᠯᠵᠢ ᠶᠢᠨ ᠠᠵᠢᠯ ᠦᠢᠯᠡᠰ ᠤᠨ ᠬᠡᠯᠲᠡᠰ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠠ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ