ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/3
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 2 ᠤᠨ ᠦᠳᠡ ᠶᠢᠨ ᠡᠮᠦᠨ᠎ᠡ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠬᠤᠷᠠᠯᠳᠤᠪᠠ᠃ 2023 ᠣᠨ ᠤ ᠴᠢᠨᠠᠷ ᠰᠠᠶᠢᠲᠠᠢ ᠬᠥᠭᠵᠢᠯᠲᠡ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ 2022 ᠣᠨ ᠤ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ 2023 ᠣᠨ ᠤ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠪᠠ ᠬᠡᠷᠡᠭᠵᠢᠭᠦᠯᠬᠦ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠯᠡᠭᠡ︾ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ 2023 ᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠬᠤᠷᠠᠯ ᠢ ᠡᠷᠭᠢᠯᠡᠪᠡ᠃      ᠬᠤᠷᠠᠯ ᠠᠴᠠ᠂ ᠰᠠᠨᠠᠭᠠᠴᠢᠯᠠᠭ᠎ᠠ ᠠᠴᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠷᠢᠨᠭᠡᠷ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠡᠭᠦᠳᠬᠦ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠪᠠ ᠠᠯᠤᠰ ᠬᠡᠳᠦ ᠳᠤ ᠰᠠᠭᠤᠷᠢᠯᠠᠨ᠂ ᠡᠨᠡ ᠵᠢᠯ ᠤᠨ ᠠᠵᠤ ᠠᠬᠤᠢ ᠶᠢᠨ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠦᠨᠡᠨᠬᠦ ᠬᠡᠷᠡᠭᠵᠢᠭᠦᠯᠵᠦ ᠪᠣᠯᠬᠤ᠂ ᠢᠳᠡᠪᠬᠢᠯᠡᠨ ᠳᠠᠪᠰᠢᠬᠤ ᠡᠭᠦᠷᠭᠡ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠴᠠᠭ ᠬᠦᠯᠢᠶᠡᠬᠦ ᠦᠭᠡᠢ ᠬᠠᠷᠢᠭᠤᠴᠠᠯᠭᠠᠲᠤ ᠤᠬᠠᠮᠰᠠᠷ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠢᠨ᠎ᠡ ᠲᠣᠭᠤᠷᠢᠭ ᠲᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ᠂ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠵᠣᠬᠢᠰᠲᠠᠢ ᠪᠠᠷ ᠤᠷᠢᠳᠴᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠠᠷᠭ᠎ᠠ ᠬᠡᠮᠵᠢᠶ᠎ᠡ ᠪᠠᠷ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ᠂ ᠦᠨᠳᠦᠰᠦᠨ ᠦᠢᠯᠡᠳᠦᠯ᠂ ᠦᠢᠯᠡᠴᠢᠯᠡᠭᠡᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ