ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ | ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠤᠨ ᠲᠥᠰᠥᠯ︾ ᠢ ᠬᠢᠨᠠᠨ ᠵᠥᠪᠯᠡᠪᠡ︔ ᠤᠯᠤᠰ ᠤᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢᠨ | ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠥᠬᠡᠬᠤᠲᠠ ᠶᠢᠨ | ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠬᠢᠨᠠᠨ | ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ᠂ ︽ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠤᠨ ᠲᠥᠰᠥᠯ︾ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠳᠠᠭᠠᠷᠢᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠠᠵᠢᠯᠲᠠᠨ᠂ ᠪᠦᠬᠦ ᠣᠷᠣᠨ ᠪᠦᠰᠡ᠂ ᠪᠦᠬᠦ ᠵᠢᠯ ᠢᠶᠠᠷ ︽ᠶᠡᠬᠡᠪᠡᠷ ᠬᠤᠳᠠᠯᠳᠤᠭᠠᠴᠢᠨ ᠤᠷᠢᠬᠤ︾ ᠪᠠᠶᠢᠷᠢᠰᠢᠯ ᠢ ᠬᠦᠴᠦᠯᠡᠨ | ᠪᠠᠶᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠠᠮᠤᠭ ᠤᠨ ᠬᠦᠴᠦᠷᠬᠡᠭ ᠬᠥᠳᠡᠯᠭᠡᠭᠦ ᠬᠦᠴᠦᠨ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠭᠰᠡᠨ᠂ ᠠᠵᠤ ᠠᠬᠤᠢ ᠶᠢᠨ ᠥᠨᠳᠥᠷ ᠦᠷ᠎ᠡ ᠠᠰᠢᠭ ᠲᠠᠢ᠂ ᠪᠣᠬᠢᠷᠳᠤᠯ ᠦᠭᠡᠢ | ᠡᠷᠴᠢᠮᠵᠢᠭᠰᠡᠨ᠂ ᠣᠶᠤᠨᠴᠢ ᠲᠡᠷᠢᠭᠦᠨ ᠤ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢᠨ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠪᠠᠷᠠᠭᠠᠨ ᠤ ᠶᠡᠷᠦᠩᠬᠡᠶᠢᠯᠡᠭᠰᠡᠨ | ᠲᠡᠭᠡᠭᠡᠪᠦᠷᠢ ᠶᠢᠨ ᠦᠷ᠎ᠡ ᠠᠰᠢᠭ ᠪᠣᠯᠣᠨ ᠶᠠᠰᠤ ᠴᠢᠨᠠᠷ ᠢ ᠤᠯᠠᠮ ᠨᠢᠭᠡ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ | ᠰᠠᠶᠢᠲᠤᠷ ᠦᠢᠯᠡᠴᠢᠯᠡᠬᠦ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠬᠤᠲᠠ ᠶᠢᠨ ᠬᠥᠭᠵᠢᠯᠲᠡ ᠪᠠ | ᠬᠥᠮᠥᠨ ᠠᠮᠠ ᠶᠢᠨ ᠨᠡᠮᠡᠭᠳᠡᠯ ᠯᠦᠭᠡ ᠬᠠᠷᠢᠯᠴᠠᠨ ᠵᠣᠬᠢᠴᠠᠭᠤᠯᠵᠤ᠂ ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠤᠷᠢᠳᠠᠪᠠᠷ ᠲᠣᠬᠢᠷᠠᠭᠤᠯᠬᠤ᠂ ᠲᠥᠬᠦᠮ | ᠪᠥᠭᠡᠳ ᠠᠶᠤᠯᠭᠦᠢ ᠵᠠᠷᠴᠢᠮ ᠢ ᠪᠠᠷᠢᠮᠲᠠᠯᠠᠨ᠂ ᠰᠣᠳᠣᠨ ᠢᠨᠵᠧᠨᠧᠷᠢᠩ ᠤᠨ ᠦᠵᠡᠯ ᠤᠬᠠᠮᠰᠠᠷ ᠢ ᠪᠣᠶ ᠪᠣᠯᠭᠠᠵᠤ᠂ ᠰᠤᠷᠭᠠᠭᠤᠯᠢ ᠶᠢᠨ ᠲᠥᠷᠥᠯ ᠵᠦᠢᠯ ᠢ ᠰᠣᠳᠣᠨ ᠢᠨᠵᠧᠨᠧᠷᠢᠩ | ᠪᠣᠯᠭᠠᠨ ᠪᠦᠲᠦᠭᠡᠨ ᠪᠠᠶᠢᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |