ᠦᠪᠡᠷᠳᠡᠭᠡᠨ ᠵᠠᠰᠠᠬᠤ ᠤᠷᠤᠨ ᠠᠴᠠ ᠬᠦᠬᠡᠬᠤᠳᠠ ᠶᠢᠨ ᠴᠢᠨᠠᠷ ᠰᠠᠶᠢᠲᠠᠢ ᠬᠦᠭᠵᠢᠯᠳᠡ ᠶᠢ ᠳᠡᠮᠵᠢᠬᠦ ᠰᠠᠨᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/2/3
      ︵ᠰᠤᠷᠪᠤᠯᠵᠢᠯᠠᠭᠴᠢ ᠡᠷᠳᠡᠨᠢᠬᠤᠸᠠᠷ︶ ᠬᠥᠬᠡᠬᠤᠲᠠ ᠶᠢᠨ ᠪᠦᠬᠦ ᠤᠷᠤᠨ ᠤ ᠴᠢᠨᠠᠷ ᠰᠠᠶᠢᠲᠠᠢ ᠬᠦᠭᠵᠢᠯᠳᠡ ᠳᠠᠬᠢ ᠤᠷᠤᠨ ᠤ ᠲᠦᠪ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠠᠴᠠ ᠣᠶᠢᠷ᠎ᠠ ᠳᠤ ︽ᠬᠦᠬᠡᠬᠤᠳᠠ ᠶᠢᠨ ᠴᠢᠨᠠᠷ ᠰᠠᠶᠢᠲᠠᠢ ᠬᠦᠭᠵᠢᠯᠳᠡ ᠶᠢ ᠳᠡᠮᠵᠢᠬᠦ ᠲᠤᠬᠠᠢ ᠰᠠᠨᠠᠯ︾ ᠨᠡᠶᠢᠲᠡᠯᠡᠪᠡ᠃      ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠪᠤᠯᠬᠤ ᠪᠦᠭᠡᠳ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠦᠬᠦ ᠤᠷᠤᠨ ᠤ ᠴᠢᠨᠠᠷ ᠰᠠᠶᠢᠲᠠᠢ ᠬᠦᠭᠵᠢᠯᠳᠡ ᠶᠢ ᠬᠦᠲᠦᠯᠦᠨ ᠳᠠᠭᠠᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ︽ᠤᠷᠤᠨ ᠤ ᠲᠦᠪ ᠤᠨ ᠬᠤᠲᠠ ᠶᠢᠨ ᠴᠢᠳᠠᠮᠵᠢ ᠪᠠᠨ ᠳᠡᠭᠡᠭᠰᠢᠯᠡᠬᠦᠯᠵᠤ᠂ ᠬᠦᠭᠵᠢᠯᠳᠡ ᠶᠢᠨ ᠤᠷᠴᠢᠨ ᠨᠦᠬᠦᠴᠡᠯ ᠢᠶᠠᠨ ᠰᠢᠯᠢᠳᠡᠭᠵᠢᠭᠦᠯᠦᠨ᠂ ᠴᠢᠨᠠᠷ ᠰᠠᠶᠢᠲᠠᠢ ᠬᠦᠭᠵᠢᠯᠳᠡ ᠶᠢ ᠡᠩ ᠲᠡᠷᠢᠭᠦᠨ ᠳᠤ ᠪᠡᠶᠡᠯᠡᠭᠦᠯᠬᠦ ᠶᠢ ᠳᠡᠮᠵᠢᠨ᠎ᠡ︾ ᠭᠡᠵᠦ ᠳᠤᠷᠠᠳᠴᠤ᠂ 2022 ᠤᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠪᠠᠰᠠ ︽ᠬᠦᠬᠡᠬᠤᠳᠠ ᠶᠢᠨ ᠤᠷᠤᠨ ᠤ ᠲᠦᠪ ᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠨ᠎ᠡ︾ ᠭᠡᠵᠦ ᠳᠤᠷᠠᠳᠴᠠᠢ᠃      ᠥᠪᠡᠷᠲᠡᠭᠡᠨ ᠵᠠᠰᠠᠬᠤ ᠣᠷᠣᠨ ᠤ ︽ᠬᠦᠬᠡᠬᠤᠳᠠ ᠶᠢᠨ ᠴᠢᠨᠠᠷ ᠰᠠᠶᠢᠲᠠᠢ ᠬᠦᠭᠵᠢᠯᠳᠡ ᠶᠢ ᠳᠡᠮᠵᠢᠬᠦ ᠲᠤᠬᠠᠢ ᠰᠠᠨᠠᠯ︾ ᠨᠢ ᠶᠡᠷᠦᠩᠬᠡᠢ ᠱᠠᠭᠠᠷᠳᠠᠯᠭ᠎ᠠ᠂ ᠳᠠᠪᠠᠭᠤᠯᠢᠭᠳᠤ ᠠᠵᠤ ᠦᠢᠯᠡᠰ ᠢ ᠬᠦᠭᠵᠢᠭᠦᠯᠦᠨ ᠪᠤᠵᠠᠭᠠᠢᠷᠠᠭᠤᠯᠬᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠦᠭᠵᠢᠭᠦᠯᠬᠦ᠂ ᠤᠷᠤᠨ ᠤ ᠲᠦᠪ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠤᠷᠤᠰᠢᠨ ᠰᠠᠭᠤᠷᠢᠰᠢᠬᠤ ᠳᠤ ᠳᠤᠬᠢᠯᠢᠭ ᠬᠤᠳᠠ ᠶᠢ ᠱᠠᠯᠠᠪᠳᠠᠨ ᠪᠠᠶᠢᠭᠤᠯᠬᠤ᠂ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠱᠠᠯᠠᠪᠳᠠᠨ ᠠᠬᠢᠭᠤᠯᠬᠤ᠂ ᠴᠢᠬᠤᠯᠠ ᠡᠯᠧᠮᠧᠨ᠋ᠲ ᠢ ᠪᠠᠳᠤᠯᠠᠬᠤ ᠴᠢᠳᠠᠪᠤᠷᠢ ᠶᠢ ᠰᠢᠯᠢᠳᠡᠭᠵᠢᠭᠦᠯᠦᠨ ᠰᠠᠶᠢᠵᠢᠷᠠᠭᠤᠯᠬᠤ᠂ ᠵᠤᠬᠢᠶᠠᠨ ᠪᠠᠶᠢᠭᠤᠯᠵᠤ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠵᠡᠷᠭᠡ 8 ᠬᠡᠰᠡᠭ ᠢᠶᠠᠷ ᠪᠦᠷᠢᠯᠳᠦᠵᠦ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠪᠠ ᠪᠠᠶᠢᠷᠢ ᠳᠤᠭᠳᠠᠭᠠᠯᠳᠠ᠂ ᠡᠯᠠ ᠲᠠᠯ᠎ᠠ ᠶᠢᠨ ᠪᠤᠳᠠᠳᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠵᠠᠢ᠃      ᠰᠠᠨᠠᠯ ᠨᠢ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠤᠳᠠᠳᠠᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠢᠴᠡᠳ ᠪᠤᠳᠤᠯᠬᠢᠯᠠᠵᠤ᠂  ᠭᠤᠣᠯᠳᠠᠯᠭ᠎ᠠ ᠲᠠᠢ ᠬᠦᠷᠢᠶ᠎ᠡ ᠶᠢ ᠳᠡᠮᠵᠢᠬᠦ᠂ ᠭᠤᠣᠯᠳᠠᠯᠭ᠎ᠠ ᠲᠠᠢ ᠲᠦᠷᠦᠯ ᠵᠦᠢᠯ ᠢ ᠳᠡᠮᠵᠢᠬᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠳᠡᠮᠵᠢᠬᠦ ᠶᠢ ᠳᠣᠪᠣᠶᠢᠮ᠎ᠠ ᠢᠯᠡᠷᠡᠭᠦᠯᠵᠤ᠂ ᠭᠤᠤᠯ ᠠᠭᠤᠯᠭ᠎ᠠ ᠶᠢᠨ ᠲᠤᠭᠤᠷᠢᠨ ᠳᠤ ᠪᠠᠰᠠ 60 ᠵᠦᠢᠯ ᠤᠨ ᠪᠤᠳᠠᠳᠠᠢ ᠳᠡᠮᠵᠢᠬᠦ ᠠᠭᠤᠯᠭ᠎ᠠ ᠶᠢ ᠢᠵᠢ ᠪᠦᠷᠢᠳᠦᠭᠦᠯᠤᠨ ᠳᠤᠷᠠᠳᠤᠭᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ