ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠬᠥᠭᠵᠢᠯᠲᠡ ᠶᠢᠨ ᠠᠮᠤᠷ ᠲᠦᠪᠰᠢᠨ ᠤ ᠴᠢᠨᠠᠷᠲᠠᠢ ᠰᠠᠨᠠᠭᠠᠴᠢᠯᠠᠭᠠᠲᠤ ᠡᠷᠬᠡ ᠶᠢ ᠴᠢᠩᠭᠠᠳᠬᠠᠬᠤ ᠬᠡᠷᠡᠭᠲᠡᠢ
ᠨᠡᠶᠢᠲᠡᠯᠡᠭᠰᠡᠨ ᠴᠠᠭ᠄
2023/2/3
      ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 1 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 1 ᠰᠠᠷ᠎ᠠ ᠶᠢᠨ 31 ᠤ ᠦᠳᠡ ᠶᠢᠨ ᠬᠤᠶᠢᠨ᠎ᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠲᠤᠬᠠᠢ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠳᠤ ᠰᠠᠭᠤᠷᠢᠯᠠᠵᠤ᠂ ᠢᠷᠡᠭᠡᠳᠦᠢ ᠶᠢᠨ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠵᠦᠪᠭᠡᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠪᠠᠯ ᠰᠠᠶ᠋ᠢ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠠᠮᠤᠷ ᠲᠦᠪᠰᠢᠨ ᠤ ᠴᠢᠨᠠᠷ ᠲᠣᠭᠲᠠᠭᠤᠨ ᠴᠢᠨᠠᠷ ᠢ ᠴᠢᠩᠭᠠᠳᠬᠠᠵᠤ᠂ ᠰᠠᠶ᠋ᠢ ᠡᠯ᠎ᠡ ᠵᠦᠢᠯ ᠤᠨ ᠤᠷᠢᠳᠴᠢᠯᠠᠨ ᠮᠡᠳᠡᠵᠤ ᠪᠤᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠲᠤᠬᠰᠢᠨ ᠰᠠᠯᠬᠢ ᠰᠢᠷᠦᠭᠦᠨ ᠪᠣᠷᠣᠭᠠᠨ᠂ ᠲᠤᠬᠰᠢᠨ ᠳᠠᠪᠠᠯᠭᠠᠨ ᠰᠢᠷᠦᠭᠦᠨ ᠤᠷᠤᠰᠬᠠᠯ ᠤᠨ ᠳᠤᠮᠳᠠ ᠮᠠᠨ ᠤ ᠤᠯᠤᠰ ᠤᠨ ᠣᠷᠣᠰᠢᠨ ᠲᠣᠭᠲᠠᠨᠢᠬᠤ ᠬᠦᠴᠦᠨ᠂ ᠥᠷᠢᠰᠦᠯᠳᠦᠬᠦ ᠬᠦᠴᠦᠨ᠂ ᠬᠥᠭᠵᠢᠯᠲᠡ ᠶᠢᠨ ᠬᠦᠴᠦᠨ᠂ ᠦᠷᠭᠦᠯᠵᠢᠯᠡᠬᠦ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠬᠢᠴᠠ ᠶᠢ ᠤᠳᠠᠭᠠᠰᠢᠷᠠᠭᠤᠯᠬᠤ ᠦᠭᠡᠢ ᠴᠢᠨᠠᠭᠰᠢᠯᠠᠪᠠᠯ ᠲᠠᠰᠤᠯᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢ ᠢᠯᠠᠯᠲᠠ ᠲᠠᠢ ᠪᠠᠷ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃      ᠡᠨᠡ ᠤᠳᠠᠭ᠎ᠠ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠥᠪᠡᠷ ᠢᠶᠠᠨ ᠰᠤᠷᠤᠯᠴᠠᠬᠤ ᠶᠢᠨ ᠬᠠᠮᠲᠤ ᠠᠵᠢᠯ ᠤᠨ ᠣᠶᠢᠯᠠᠭᠠᠯᠲᠠ ᠪᠠᠨ ᠰᠣᠯᠢᠯᠴᠠᠵᠤ᠂ ᠶᠢᠨ ᠯᠢ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ ᠴᠢᠩ᠂ ᠴᠧᠨ ᠵᠢᠢ ᠨᠢᠩ᠂ ᠬᠤᠸᠠᠩ ᠺᠦᠨ ᠮᠢᠩ ᠨᠥᠬᠦᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠣᠯᠣᠨ ᠣᠷᠣᠨ ᠨᠤᠲᠤᠭ ᠤᠨ ᠠᠵᠢᠯ ᠲᠠᠢ ᠪᠠᠨ ᠤᠶᠠᠯᠳᠤᠭᠤᠯᠤᠨ ᠦᠭᠡ ᠬᠡᠯᠡᠵᠦ᠂ ᠤᠯᠠᠨ ᠢᠶᠠᠷ ᠢᠶᠠᠨ ᠰᠠᠨᠠᠯ ᠢᠶᠠᠨ ᠰᠣᠯᠢᠯᠴᠠᠪᠠ᠃      ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠶᠢᠷ᠎ᠠ ᠶᠢᠨ ᠵᠢᠯ ᠠᠴᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠬᠢᠵᠤ᠂ ᠨᠢᠭᠡ ᠪᠦᠯᠦᠭ ᠦᠷ᠎ᠡ ᠠᠰᠢᠭ ᠣᠯᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠲᠠᠰᠤᠷᠠᠯᠳᠠ ᠦᠭᠡᠢ ᠨᠢᠭᠲᠠᠷᠠᠵᠤ᠂ ᠠᠵᠢᠯ ᠤᠨ ᠰᠠᠭᠤᠷᠢ ᠲᠠᠰᠤᠷᠠᠯᠳᠠ ᠦᠭᠡᠢ ᠪᠠᠬᠢᠵᠢᠵᠦ᠂ ᠲᠦᠷᠦ ᠶᠢᠨ ᠪᠣᠳᠣᠯᠭ᠎ᠠ ᠳᠦᠷᠢᠮ ᠲᠠᠰᠤᠷᠠᠯᠳᠠ ᠦᠭᠡᠢ ᠲᠡᠭᠦᠯᠳᠡᠷᠵᠢᠪᠡ᠂ ᠭᠡᠪᠡᠴᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢ ᠬᠦᠯᠢᠶᠡᠰᠦᠯᠡᠵᠦ ᠪᠠᠶᠢᠭ᠎ᠠ ᠭᠤᠣᠯ ᠵᠥᠷᠢᠴᠡᠯ ᠪᠣᠯᠣᠨ ᠠᠰᠠᠭᠤᠳᠠᠯ ᠢ ᠬᠦᠴᠦᠯᠡᠨ ᠠᠷᠢᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠰᠢᠨ᠎ᠡ ᠶᠢ ᠡᠭᠦᠳᠭᠦ᠂ ᠳᠦᠷᠢᠮ ᠤᠨ ᠰᠢᠨ᠎ᠡ ᠶᠢ ᠡᠭᠦᠳᠭᠦ ᠶᠢ ᠠᠬᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠭᠦ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ ᠠᠷᠠᠳ ᠤᠨ ᠠᠵᠤ ᠠᠬᠤᠢ ᠶᠢᠨ ᠰᠠᠶᠢᠨ ᠰᠠᠶᠢᠬᠠᠨ ᠣᠷᠴᠢᠯ ᠢ ᠪᠡᠶᠡᠯᠡᠭᠦᠯᠬᠦ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠷᠢᠨ ᠪᠦᠲᠦᠨ ᠳᠣᠲᠣᠭᠠᠳᠤ ᠬᠡᠷᠡᠭᠴᠡᠭᠡ ᠶᠢᠨ ᠰᠢᠰᠲ᠋ᠧᠮ ᠢ ᠲᠦᠷᠭᠡᠬᠡᠨ ᠪᠦᠷᠢᠯᠳᠦᠭᠦᠯᠵᠦ᠂ ᠣᠷᠣᠯᠭ᠎ᠠ ᠪᠠᠷ ᠲᠤᠯᠭᠠᠭᠤᠷᠢᠯᠠᠭᠰᠠᠨ ᠬᠡᠷᠡᠭᠯᠡᠭᠡ ᠶᠢᠨ ᠬᠡᠷᠡᠭᠴᠡᠭᠡ᠂ ᠵᠦᠢ ᠵᠣᠬᠢᠰᠲᠠᠢ ᠦᠷ᠎ᠡ ᠠᠰᠢᠭ ᠤᠨ ᠬᠠᠷᠢᠭᠤ ᠪᠦᠬᠦᠢ ᠪᠡᠯᠡ ᠣᠷᠣᠭᠤᠯᠤᠯᠲᠠ ᠶᠢᠨ ᠬᠡᠷᠡᠭᠴᠡᠭᠡ᠂ ᠡᠬᠡ ᠮᠥᠩᠭᠦ ᠪᠠ ᠥᠷᠢ ᠥᠭᠴᠡᠭᠡ ᠪᠠᠷ ᠬᠢᠵᠠᠭᠠᠷᠯᠠᠭᠰᠠᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠰᠠᠭᠤᠭᠠᠯᠢ ᠠᠷᠠᠳ ᠤᠨ ᠬᠡᠷᠡᠭᠯᠡᠭᠡ ᠶᠢ ᠥᠷᠭᠡᠳᠬᠡᠬᠦ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠭᠤᠭᠠᠯᠢ ᠠᠷᠠᠳ ᠢ ᠲᠣᠭᠲᠠᠭᠰᠠᠨ ᠤᠷᠤᠯᠭ᠎ᠠ ᠲᠠᠢ ᠬᠡᠷᠡᠭᠯᠡᠭᠡ ᠬᠢᠵᠦ ᠲᠡᠶᠢᠯᠭᠦ᠂ ᠰᠠᠨᠠᠭ᠎ᠠ ᠵᠣᠪᠠᠭ᠋ᠤ ᠦᠭᠡᠢ ᠪᠠᠷ ᠵᠣᠷᠢᠭᠲᠠᠢ ᠪᠠᠷ ᠬᠡᠷᠡᠭᠯᠡᠭᠡ ᠬᠢᠬᠦ᠂ ᠬᠡᠷᠡᠭᠯᠡᠭᠡ ᠶᠢᠨ ᠣᠷᠴᠢᠨ ᠨᠥᠬᠦᠴᠡᠯ ᠰᠢᠯᠢᠳᠡᠭ ᠬᠦᠷᠲᠡᠮᠵᠢ ᠶᠢᠨ ᠲᠥᠷᠥᠭᠳᠡᠯ ᠴᠢᠩᠭ᠎ᠠ ᠬᠡᠷᠡᠭᠯᠡᠭᠡ ᠬᠢᠬᠦ ᠬᠦᠰᠡᠯ ᠲᠠᠢ ᠪᠤᠯᠭᠠᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠥᠷᠭᠡᠳᠬᠡᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠣᠷᠣᠨ ᠵᠠᠢ ᠶᠢ ᠥᠷᠭᠡᠳᠬᠡᠨ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠵᠤ᠂ ᠳᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢ ᠥᠷᠭᠡᠳᠬᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂ ᠳᠦᠷᠢᠮ ᠤᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠵᠤ᠂ ᠬᠠᠩᠭᠠᠯᠭ᠎ᠠ ᠶᠢ  ᠬᠦᠯᠢᠶᠡᠰᠦᠯᠡᠵᠦ ᠪᠠᠶᠢᠭ᠎ᠠ ᠲᠦᠭᠵᠢᠷᠡᠯ ᠴᠡᠭ᠂ ᠬᠤᠷᠢᠭ᠎ᠠ ᠴᠡᠭ᠂ ᠪᠠᠭᠤᠷᠠᠢ ᠲᠠᠯ᠎ᠠ ᠶᠢ ᠰᠢᠪᠲᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠥᠷᠢᠰᠦᠯᠳᠦᠬᠦ ᠬᠦᠴᠦᠨ ᠪᠠ ᠠᠮᠤᠷ ᠲᠦᠪᠰᠢᠨ ᠴᠢᠨᠠᠷ ᠢ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ᠂ ᠴᠢᠨᠠᠷ ᠰᠠᠶᠢᠲᠠᠢ ᠬᠠᠩᠭᠠᠯᠭ᠎ᠠ ᠪᠠᠷ ᠣᠲᠣ ᠶᠢᠨ ᠬᠡᠷᠡᠭᠴᠡᠭᠡ ᠶᠢ ᠬᠠᠩᠭᠠᠵᠤ᠂ ᠰᠢᠨ᠎ᠡ ᠬᠡᠷᠡᠭᠴᠡᠭᠡ ᠶᠢ ᠡᠭᠦᠳᠴᠦ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠠᠯᠬᠤᠭ᠎ᠠ ᠪᠠᠨ ᠲᠦᠷᠭᠡᠳᠬᠡᠵᠦ᠂ ᠭᠠᠳᠠᠭᠠᠳᠤ ᠤᠯᠤᠰ ᠤᠨ ︽ᠪᠣᠭᠤᠮᠢ︾ ᠪᠣᠯᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠯ ᠢ ᠪᠦᠷᠢᠨᠰᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠨ᠂ ᠰᠢᠨ᠎ᠡ ᠶᠢ ᠡᠭᠦᠳᠭᠦ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠮᠠᠨ ᠤ ᠤᠯᠤᠰ ᠢᠶᠠᠨ ᠴᠢᠬᠤᠯᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠨ ᠳᠤ ᠪᠦᠭᠦ ᠪᠥᠮᠪᠥᠷᠴᠡᠭ ᠤᠨ ᠳᠠᠭᠠᠭᠤᠯᠤᠭᠴᠢ ᠪᠤᠯᠭᠠᠵᠤ᠂ ᠬᠤᠰᠢᠭᠤᠷᠠᠯ ᠰᠣᠯᠪᠢᠴᠠᠭᠰᠠᠨ ᠬᠦᠷᠢᠶᠡᠨ ᠳᠠᠬᠢ ᠵᠠᠮ ᠨᠡᠭᠡᠭᠡᠭᠴᠢ ᠪᠤᠯᠭᠠᠵᠤ᠂ ᠡᠷᠲᠡᠬᠡᠨ ᠳᠡᠯᠡᠬᠡᠢ ᠶᠢᠨ ᠭᠤᠣᠯ ᠪᠤᠯᠬᠤ ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠭᠦ ᠥᠨᠳᠦᠷᠯᠢᠭ ᠪᠤᠯᠭᠠᠬᠤ ᠪᠠᠷ ᠴᠢᠷᠮᠠᠶᠢᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢᠨ ᠪᠦᠲᠦᠮᠵᠢᠲᠡᠢ ᠬᠤᠯᠪᠣᠯᠳᠤᠯ ᠢ ᠪᠡᠶᠡᠯᠡᠭᠦᠯᠵᠦ᠂ ᠰᠤᠷᠭᠠᠨ ᠬᠥᠮᠦᠵᠢᠯ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠣᠷᠴᠢᠯ ᠢ ᠪᠦᠷᠢᠯᠳᠦᠭᠦᠯᠬᠦ ᠭᠡᠷᠡᠭᠲᠠᠢ︔ ᠤᠤᠭᠠᠯ ᠰᠢᠨ᠎ᠡ ᠶᠢ ᠡᠭᠦᠳᠭᠦ᠂ ᠬᠤᠷᠠᠮᠠᠯ ᠰᠢᠨ᠎ᠡ ᠶᠢ ᠡᠭᠦᠳᠭᠦ᠂ ᠨᠡᠭᠡᠭᠡᠯᠲᠡ ᠬᠢᠵᠦ ᠰᠢᠨ᠎ᠡ ᠶᠢ ᠡᠭᠦᠳᠭᠦ ᠶᠢ ᠨᠢᠭᠡ ᠴᠣᠭᠴᠠᠵᠢᠭᠤᠯᠤᠨ ᠵᠢᠷᠤᠭᠯᠠᠨ ᠲᠥᠯᠥᠪᠯᠡᠬᠦ ᠶᠢ ᠪᠠᠷᠢᠮᠲᠠᠯᠠᠵᠤ᠂ ᠪᠦᠲᠦᠮᠵᠢᠲᠡᠶ ᠨᠡᠪᠲᠡᠷᠡᠯᠴᠡᠭᠦᠯᠬᠦ ᠶᠢ ᠪᠡᠶᠡᠯᠡᠭᠦᠯᠬᠦ ᠭᠡᠷᠡᠭᠲᠠᠢ︔ ᠰᠢᠨ᠎ᠡ ᠶᠢ ᠡᠭᠦᠳᠭᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢ ᠨᠢᠭᠡ ᠴᠣᠭᠴᠠᠵᠢᠭᠤᠯᠤᠨ ᠪᠠᠶᠢᠷᠢᠯᠠᠭᠤᠯᠬᠤ ᠶᠢ ᠪᠠᠷᠢᠮᠲᠠᠯᠠᠵᠤ᠂ ᠭᠦᠨᠵᠡᠭᠡᠢ ᠠᠭᠤᠰᠤᠯᠴᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠬᠥᠭᠵᠢᠯᠲᠡ ᠶᠢᠨ ᠪᠠᠶᠢᠷᠢᠰᠢᠯ ᠨᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢᠶᠠᠷ ᠰᠠᠭᠤᠷᠢ ᠪᠤᠯᠭᠠᠵᠤ᠂ ᠠᠵᠤ ᠠᠬᠤᠢ ᠶᠢᠨ ᠣᠷᠴᠢᠯ ᠢ ᠰᠢᠯᠤᠭᠤᠳᠬᠠᠬᠤ ᠳᠤ ᠡᠯ᠎ᠡ ᠠᠵᠤ ᠦᠢᠯᠡᠰ ᠤᠨ ᠡᠮᠬᠢ ᠵᠢᠷᠤᠮ ᠲᠠᠢ ᠪᠠᠷ ᠴᠥᠷᠬᠡᠯᠡᠬᠦ᠂ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ ᠱᠠᠭᠠᠷᠳᠠᠨ᠎ᠠ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠦᠷᠭᠦᠯᠵᠢᠯᠡᠨ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠶᠡᠭᠡ ᠬᠠᠨᠳᠤᠰᠢ ᠶᠢ ᠳᠠᠭᠠᠵᠤ᠂ ᠳᠤᠲᠠᠭᠤᠳᠠᠯ ᠲᠠᠢ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠳᠠᠪᠠᠭᠤᠯᠢᠭᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠭᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠦᠷᠭᠦᠯᠵᠢᠯᠡᠬᠦ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠳᠬᠠᠬᠤ ᠬᠡᠷᠡᠭᠲᠡᠢ᠃ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠤᠯᠤᠰ ᠤᠨ ᠳᠣᠲᠣᠭᠠᠳᠤ ᠭᠠᠳᠠᠭᠠᠳᠤ ᠳᠤ ᠡᠮᠬᠢ ᠵᠢᠷᠤᠮ ᠲᠠᠢ ᠪᠠᠷ ᠰᠢᠯᠵᠢᠭᠦ ᠶᠢ ᠠᠬᠢᠭᠤᠯᠵᠤ᠂ ᠠᠵᠤ ᠠᠬᠤᠶᠢᠯᠠᠯ ᠤᠨ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠠ ᠬᠠᠮᠲᠤᠷᠠᠯᠴᠠᠭ᠎ᠠ ᠳᠤ ᠭᠦᠨᠵᠡᠭᠡᠢ ᠣᠷᠤᠯᠴᠠᠬᠤ ᠶᠢ ᠳᠡᠮᠵᠢᠵᠦ᠂ ᠳᠣᠲᠣᠭᠠᠳᠤ ᠭᠠᠳᠠᠭᠠᠳᠤ ᠶᠢᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠳᠡᠶᠢᠯᠭᠦ᠂ ᠠᠮᠤᠷ ᠲᠦᠪᠰᠢᠨ ᠨᠠᠶᠢᠳᠠᠪᠤᠷᠢᠲᠠᠢ᠂ ᠥᠷᠢᠰᠦᠯᠳᠦᠬᠦ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠤᠳᠠ ᠬᠥᠳᠡᠭᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠪᠦᠷᠬᠦᠴᠡ ᠶᠢ ᠳᠡᠭᠡᠭᠰᠢᠯᠡᠭᠦᠯᠭᠦ ᠬᠡᠷᠡᠭᠲᠡᠢ᠃ ᠬᠥᠳᠡᠭᠡ ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠪᠠ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠪᠤᠯᠬᠤ  ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠭᠦᠭᠵᠢᠭᠦ ᠶᠢ ᠠᠬᠢᠭᠤᠯᠵᠤ᠂ ᠬᠤᠲᠠ ᠬᠥᠳᠡᠭᠡ ᠶᠢᠨ ᠠᠵᠤ ᠠᠬᠤᠢ ᠶᠢᠨ ᠬᠠᠷᠢᠯᠴᠠᠭ᠎ᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ ᠵᠢᠵᠢᠭ ᠣᠷᠴᠢᠯ ᠢ ᠬᠡᠷᠡᠭᠵᠢᠭᠦᠯᠬᠦ ᠶᠢ ᠰᠡᠷᠭᠡᠶᠢᠯᠡᠵᠦ᠂ ᠣᠷᠣᠨ ᠪᠦᠰᠡ ᠶᠢᠨ ᠪᠠᠬᠢᠯᠡᠯᠲᠡ ᠶᠢ ᠠᠷᠢᠯᠭᠠᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠦᠨᠡᠨ ᠬᠦ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠵᠡᠷᠭᠡ ᠶᠢᠨ ᠭᠦᠨᠵᠡᠭᠡᠢ ᠠᠭᠤᠰᠤᠯᠳᠤᠯ ᠢ ᠠᠬᠢᠭᠤᠯᠵᠤ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ ᠡᠯᠧᠮᠧᠨ᠋ᠲ ᠤᠨ ᠵᠦᠢ ᠵᠣᠬᠢᠰᠲᠠᠢ ᠪᠠᠷ ᠰᠢᠯᠵᠢᠭᠦ ᠪᠠ ᠥᠨᠳᠥᠷ ᠪᠦᠲᠦᠮᠵᠢᠲᠡᠢ ᠪᠠᠷ ᠴᠤᠭᠯᠠᠷᠠᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠣᠷᠴᠢᠯ ᠤᠨ ᠬᠥᠳᠡᠯᠭᠡᠬᠦ ᠬᠦᠴᠦᠨ ᠪᠣᠯᠣᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠥᠮᠴᠢᠯᠡᠬᠦ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠪᠤᠯᠬᠤ ᠳᠦᠷᠢᠮ ᠢ ᠲᠡᠭᠦᠯᠳᠡᠷᠵᠢᠭᠦᠯᠵᠦ᠂ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠵᠣᠬᠢᠰ ᠦᠭᠡᠢ ᠥᠷᠢᠰᠦᠯᠳᠦᠭᠡᠨ ᠢ ᠡᠰᠡᠷᠭᠦᠴᠡᠬᠦ ᠶᠢ ᠴᠢᠩᠭᠠᠳᠬᠠᠵᠤ᠂ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ ᠣᠷᠣᠭᠤᠯᠵᠤ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ ᠥᠭᠴᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠷᠴᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠳᠡᠯᠡᠬᠡᠢ ᠶᠢᠨ ᠶᠡᠭᠡ ᠣᠷᠴᠢᠯ ᠳᠠᠬᠢ ᠦᠭᠡ ᠭᠡᠯᠡᠭᠦ ᠡᠷᠬᠡ ᠪᠠᠨ ᠴᠢᠩᠭᠠᠳᠬᠠᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠠᠷᠴᠢᠮ ᠤᠨ ᠬᠡᠯᠡᠯᠴᠡᠭᠡᠷ ᠲᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ᠂ ᠣᠯᠠᠨ ᠡᠰᠢᠵᠢᠭᠰᠡᠨ᠂ ᠲᠣᠭᠲᠠᠭᠤᠨ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠪᠦᠷᠢᠯᠳᠦᠭᠦᠯᠬᠦ ᠶᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠵᠦ  ᠡᠷᠭᠢᠯᠳᠦᠬᠦ ᠶᠢ ᠪᠡᠶᠡᠯᠡᠭᠦᠯᠬᠦ ᠳᠤ ᠨᠥᠬᠦᠴᠡᠯ ᠪᠦᠷᠢᠯᠳᠦᠭᠦᠯᠬᠦ ᠦᠭᠭᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ