ᠮᠠᠨ ᠤ ᠬᠤᠲᠠ ᠶᠢᠨ ︽ᠣᠯᠠᠨ ᠬᠡᠮᠵᠢᠯᠲᠡ ᠶᠢ ᠨᠢᠭᠡᠳᠬᠡᠬᠦ︾ ᠮᠡᠳᠡᠭᠡ ᠵᠠᠩᠭᠢ ᠶᠢᠨ ᠲᠠᠪᠴᠠᠩ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/2/7
       ︵ᠰᠤᠷᠪᠤᠯᠵᠢᠯᠠᠭᠴᠢ ᠰᠥᠩ ᠰᠢᠶᠠᠩ ᠬᠤᠸᠠ︶ 2 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ︽ᠣᠯᠠᠨ ᠬᠡᠮᠵᠢᠯᠲᠡ ᠶᠢ ᠨᠢᠭᠡᠳᠬᠡᠬᠦ︾ ᠮᠡᠳᠡᠭᠡ ᠵᠠᠩᠭᠢ ᠶᠢᠨ ᠲᠠᠪᠴᠠᠩ ᠤᠨ ᠲᠥᠰᠥᠯ ᠰᠢᠯᠭᠠᠨ ᠠᠪᠬᠤ ᠳᠤ ᠬᠢᠷᠢ ᠲᠡᠩᠴᠡᠪᠡ᠂ ᠲᠣᠰ ᠲᠥᠰᠥᠯ ᠢ ᠬᠡᠷᠡᠭᠵᠢᠭᠦᠯᠬᠦ ᠶᠢᠨ ᠵᠣᠷᠢᠯᠭ᠎ᠠ ᠨᠢ ︽ᠨᠢᠭᠡ ᠤᠳᠠᠭ᠎ᠠ ᠨᠠᠶᠢᠳᠠᠵᠤ᠂ ᠬᠠᠮᠲᠤᠷᠠᠨ ᠬᠡᠮᠵᠢᠨ ᠵᠢᠷᠤᠵᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃      ︽ᠣᠯᠠᠨ ᠬᠡᠮᠵᠢᠯᠲᠡ ᠶᠢ ᠨᠢᠭᠡᠳᠬᠡᠬᠦ︾ ᠥᠭᠡᠷᠡᠴᠢᠯᠡᠯᠲᠡ ᠪᠣᠯ ︽ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ  ᠶᠢᠨ ᠵᠦᠢᠯᠡᠰ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ︾ ᠶᠢ ᠲᠤᠭᠤᠰᠢᠯᠠᠭᠤᠯᠬᠤ  ᠴᠢᠬᠤᠯᠠ ᠠᠭᠤᠯᠭ᠎ᠠ ᠮᠥᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠲᠣᠰ ᠤᠳᠠᠭ᠎ᠠ ᠶᠢᠨ ᠪᠠᠶᠢᠭᠤᠯᠤᠭᠰᠠᠨ ᠪᠥᠬᠦ ᠶᠠᠪᠤᠴᠠ ᠶᠢ ᠬᠠᠮᠤᠷᠤᠭᠰᠠᠨ᠂ ᠪᠥᠬᠦ ᠲᠤᠬᠠᠶᠢᠯᠠᠭᠰᠠᠨ ᠠᠵᠢᠯ ᠢ ᠬᠠᠮᠢᠶᠠᠷᠤᠭᠰᠠᠨ᠂ ᠪᠥᠬᠦ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ︽ᠣᠯᠠᠨ ᠬᠡᠮᠵᠢᠯᠲᠡ ᠶᠢ ᠨᠢᠭᠡᠳᠬᠡᠬᠦ︾ ᠲᠠᠪᠴᠠᠩ ᠠᠰᠢᠭᠯᠠᠯᠲᠠ ᠳᠤ ᠣᠷᠣᠭᠰᠠᠨ ᠨᠢ᠂ ᠮᠠᠨ ᠤ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠲᠠᠪᠴᠠᠩ ᠤᠨ ᠲᠤᠬᠠᠶᠢᠯᠠᠭᠰᠠᠨ ᠠᠵᠢᠯ ᠢ ᠬᠢᠨᠠᠨ ᠵᠥᠪᠰᠢᠶᠡᠷᠡᠬᠦ ᠪᠠ ᠥᠯᠥ ᠬᠥᠳᠡᠯᠬᠦ ᠬᠥᠷᠥᠩᠭᠡ ᠶᠢᠨ ︽ᠭᠡᠷ ᠪᠠᠶᠢᠰᠢᠩ ᠢ ᠲᠤᠰᠢᠶᠠᠭᠰᠠᠨ ᠳᠠᠷᠤᠢ ᠦᠨᠡᠮᠯᠡᠯ ᠣᠯᠭᠤᠬᠤ︾ ᠶᠢ ᠬᠡᠷᠡᠭᠵᠢᠭᠦᠯᠬᠦ ᠶᠢ ᠪᠦᠲᠦᠮᠵᠢᠲᠡᠶ ᠪᠠᠲᠤᠯᠠᠬᠤ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠦᠷᠭᠦᠯᠵᠢᠯᠡᠨ ᠴᠢᠷᠮᠠᠶᠢᠵᠤ᠂ ᠲᠠᠪᠴᠠᠩ ᠤᠨ ᠬᠡᠷᠡᠭᠯᠡᠯᠲᠡ ᠶᠢ ᠳᠠᠰᠤᠷᠠᠯᠳᠠ ᠦᠭᠡᠢ ᠥᠷᠭᠡᠳᠬᠡᠵᠦ᠂ ᠲᠠᠪᠴᠠᠩ ᠤᠨ ᠴᠢᠳᠠᠪᠬᠢ ᠶᠢ ᠨᠡᠮᠡᠭᠳᠡᠭᠦᠯᠵᠦ᠂ ᠲᠠᠪᠴᠠᠩ ᠤᠨ ᠡᠯ᠎ᠡ ᠰᠠᠯᠠᠭ᠎ᠠ ᠮᠥᠴᠢᠷ ᠲᠤ ᠦᠵᠡᠭᠦᠯᠬᠦ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ