ᠴᠡᠷᠢᠭ ᠲᠤ ᠡᠯᠰᠡᠬᠦ ᠠᠩᠬᠠᠨ ᠤ ᠪᠠᠶᠢᠴᠠᠭᠠᠯᠲᠠ ᠶᠠᠭ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/2/7
20230207-1.jpg
20230207.jpg
      ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠠᠷᠢᠶ᠎ᠠ ᠣᠷᠣᠨ ᠤ ᠪᠠᠨ 9 ᠰᠢᠶᠠᠩ ᠪᠠᠯᠭᠠᠰᠤ ᠶᠢ ᠵᠢᠯᠣᠭᠤᠳᠤᠨ 2023 ᠣᠨ ᠤ ᠬᠠᠪᠤᠷ ᠤᠨ ᠤᠯᠠᠷᠢᠯ ᠤᠨ ᠴᠡᠷᠢᠭ ᠲᠤ ᠡᠯᠰᠡᠬᠦ ᠠᠩᠬᠠᠨ ᠤ ᠬᠢᠨᠠᠯᠲᠠ ᠠᠩᠬᠠᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠲᠤᠬᠠᠢ ᠶᠢᠨ ᠲᠠᠯᠠᠪᠠᠢ ᠳᠤ᠂ ᠴᠡᠷᠢᠭ ᠲᠤ ᠡᠯᠰᠡᠬᠦ ᠳᠤ ᠨᠡᠷ᠎ᠡ ᠮᠡᠳᠡᠭᠦᠯᠦᠭᠰᠡᠨ ᠵᠠᠯᠠᠭᠤᠴᠤᠳ ᠤᠨ ᠪᠡᠶ᠎ᠡ ᠶᠢᠨ ᠭᠠᠷᠤᠯ᠂ ᠡᠷᠦᠭᠡ ᠠᠮᠠ ᠶᠢᠨ ᠲᠠᠩᠰᠠ᠂ ᠰᠤᠷᠤᠯᠭ᠎ᠠ ᠶᠢᠨ ᠨᠠᠮᠲᠠᠷ ᠵᠡᠷᠭᠡ ᠮᠡᠳᠡᠭᠡ ᠵᠠᠩᠭᠢ ᠶᠢ ᠨᠠᠷᠢᠨ ᠬᠢᠨᠠᠨ ᠪᠠᠶᠢᠴᠠᠭᠠᠵᠤ᠂ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠩᠬᠠᠨ ᠤ ᠪᠠᠶᠢᠴᠠᠭᠠᠯᠲᠠ ᠳᠤ ᠣᠷᠣᠯᠴᠠᠭᠰᠠᠨ ᠵᠠᠯᠠᠭᠤᠴᠤᠳ ᠤᠨ ᠪᠡᠶ᠎ᠡ ᠮᠠᠬᠠᠪᠤᠳ ᠪᠣᠯᠣᠨ ᠡᠪᠡᠳᠴᠢᠨ ᠤ ᠲᠡᠦᠬᠡ ᠶᠢᠨ ᠪᠠᠶᠢᠳᠠᠯ ᠵᠡᠷᠭᠡ ᠶᠢ ᠨᠠᠷᠢᠨ ᠨᠢᠮᠪᠠᠢ  ᠬᠠᠷᠭᠤᠭᠤᠯᠤᠨ ᠬᠢᠨᠠᠨ ᠪᠠᠶᠢᠴᠠᠭᠠᠵᠤ᠂ ᠴᠡᠷᠢᠭ ᠤᠨ ᠶᠠᠰᠤ ᠴᠢᠨᠠᠷ ᠤᠨ ᠨᠢᠭᠡᠳᠦᠭᠡᠷ ᠪᠣᠭᠤᠮᠲᠠ ᠶᠢ ᠦᠨᠡᠨᠬᠦ ᠴᠢᠩᠭ᠎ᠠ ᠠᠳᠬᠤᠪᠠ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ