︵ᠰᠤᠷᠪᠤᠯᠵᠢᠯᠠᠭᠴᠢ ᠰᠦᠩ ᠰᠢᠶᠠᠩ ᠬᠤᠸᠠ︶ ᠮᠠᠨ ᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠠᠵᠢᠯ ᠢ ᠭᠦᠨᠵᠡᠭᠡᠢ ᠠᠬᠢᠭᠤᠯᠵᠤ᠂ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠠᠷᠠᠳ ᠲᠤ ᠲᠥᠬᠦᠮ᠂ ᠬᠤᠷᠳᠤᠨ᠂ ᠲᠣᠭᠠᠴᠢᠯᠠᠭᠰᠠᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 2 | ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠂ ᠰᠢᠨ᠎ᠡ ᠪᠠᠷ ᠨᠡᠶᠢᠲᠡᠯᠡᠭᠰᠡᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠥᠯᠥ ᠬᠥᠳᠡᠯᠬᠦ | ᠬᠥᠷᠥᠩᠭᠡ ᠶᠢᠨ ᠨᠢᠭᠡᠴᠡ ᠶᠢᠨ ᠠᠩᠬᠠᠨ ᠤ ᠳᠠᠩᠰᠠᠯᠠᠯᠲᠠ ᠶᠢᠨ ᠮᠡᠳᠡᠭᠡ ᠵᠠᠩᠭᠢ ᠶᠢᠨ ᠬᠦᠰᠦᠨᠦᠭᠲᠦ ᠶᠢ ᠳᠠᠭᠢᠵᠤ ᠨᠠᠭᠠᠬᠤ ᠦᠭᠡᠢ᠂ ᠦᠨᠡᠮᠯᠡᠯ ᠠᠪᠴᠤ ᠪᠠᠶᠢᠭ᠎ᠠ | ᠬᠥᠮᠥᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠳᠠᠭᠠᠯᠳᠤᠭᠤᠯᠤᠯ ᠵᠢᠷᠤᠭ ᠤᠨ ᠨᠢᠭᠤᠷ ᠲᠠᠬᠢ ᠮᠡᠷᠭᠡᠨ ᠴᠣᠬᠤᠷ ᠢ ᠰᠢᠷᠪᠢᠵᠦ ᠲᠣᠰ ᠥᠯᠥ | ᠬᠥᠳᠡᠯᠬᠦ ᠬᠥᠷᠥᠩᠭᠡ ᠶᠢᠨ ᠨᠢᠭᠡᠴᠡ ᠶᠢᠨ ᠡᠯᠧᠺᠲᠷᠣᠨ ᠮᠡᠳᠡᠭᠡ ᠵᠠᠩᠭᠢ ᠶᠢᠨ ᠬᠦᠰᠦᠨᠦᠭᠲᠦ ᠶᠢ ᠪᠠᠶᠢᠴᠠᠭᠠᠨ ᠦᠵᠡᠵᠦ ᠪᠣᠯᠣᠨ᠎ᠠ᠃ | ︽ᠥᠯᠥ ᠬᠥᠳᠡᠯᠬᠦ ᠬᠥᠷᠥᠩᠭᠡ ᠶᠢᠨ ᠨᠢᠭᠡᠴᠡ ᠶᠢᠨ ᠠᠩᠬᠠᠨ ᠤ ᠳᠠᠩᠰᠠᠯᠠᠯᠲᠠ ᠶᠢᠨ ᠡᠯᠧᠺᠲᠷᠣᠨ ᠮᠡᠳᠡᠭᠡ ᠵᠠᠩᠭᠢ ᠶᠢᠨ ᠬᠦᠰᠦᠨᠦᠭᠲᠦ︾ ᠭᠡᠳᠡᠭ ᠨᠢ | ᠭᠤᠶᠤᠴᠢᠯᠠᠭᠴᠢ ᠥᠯᠥ ᠬᠥᠳᠡᠯᠬᠦ ᠬᠥᠷᠥᠩᠭᠡ ᠶᠢᠨ ᠠᠩᠬᠠᠨ ᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠶᠢᠨ ᠬᠠᠮᠲᠤ ᠬᠢᠨᠠᠨ ᠬᠠᠷᠭᠤᠭᠤᠯᠵᠤ | ᠲᠡᠮᠳᠡᠭᠯᠡᠭᠰᠡᠨ ᠤ ᠳᠠᠷᠠᠭ᠎ᠠ ᠲᠡᠷᠡ ᠳᠠᠷᠤᠢ ᠳᠤᠨᠢ ᠡᠯᠧᠺᠲᠷᠣᠨ ᠮᠡᠳᠡᠭᠡ ᠵᠠᠩᠭᠢ ᠶᠢᠨ ᠬᠦᠰᠦᠨᠦᠭᠲᠦ ᠶᠢ ᠪᠣᠶ ᠪᠣᠯᠭᠠᠬᠤ ᠪᠥᠭᠡᠳ ᠴᠠᠭ ᠲᠤᠬᠠᠢ ᠳᠤᠨᠢ ᠰᠢᠨᠡᠴᠢᠯᠡᠬᠦ | ᠶᠠᠪᠤᠳᠠᠯ ᠪᠣᠯᠣᠨ᠎ᠠ᠃ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠮᠡᠳᠡᠭᠡ ᠵᠠᠩᠭᠢ ᠶᠢᠨ ᠬᠦᠰᠦᠨᠦᠭᠲᠦ ᠶᠢ ᠴᠠᠭᠠᠰᠤ ᠠᠴᠠ ᠡᠯᠧᠺᠲᠷᠤᠨᠴᠢᠯᠠᠬᠤ | ᠲᠡᠶᠢᠰᠢ ᠬᠤᠪᠢᠷᠠᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠤᠯᠠᠮ ᠨᠢᠭᠡ ᠠᠯᠬᠤᠮ ᠲᠦᠭᠦᠮ ᠦᠵᠡᠭᠦᠯᠪᠡ᠃ | ᠥᠩᠭᠡᠷᠡᠭᠰᠡᠨ ᠳᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠡᠭᠡᠷᠡᠬᠢ ᠮᠡᠳᠡᠭᠡ ᠵᠠᠩᠭᠢ ᠶᠢᠨ ᠬᠦᠰᠦᠨᠦᠭᠲᠦ ᠶᠢ ᠴᠥᠮ ᠴᠠᠭᠠᠰᠤᠨ | ᠬᠦᠰᠦᠨᠦᠭᠲᠦ ᠶᠢᠨ ᠬᠠᠭᠤᠳᠠᠰᠤ ᠶᠢ ᠠᠵᠢᠯᠲᠠᠨ ᠤ ᠭᠠᠷ ᠢᠶᠠᠷ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠡᠭᠡᠷ᠎ᠡ ᠨᠠᠭᠠᠵᠤ᠂ ᠨᠢᠭᠤᠷ ᠤᠨ ᠲᠤᠭ᠎ᠠ | ᠨᠢ ᠣᠯᠠᠨ᠂ ᠠᠮᠠᠷᠬᠠᠨ ᠤᠷᠠᠭᠳᠠᠵᠤ ᠰᠦᠢᠳᠬᠦ᠂ ᠪᠠᠶᠢᠴᠠᠭᠠᠨ ᠦᠵᠡᠬᠦ ᠳᠤ ᠬᠦᠴᠢᠷ ᠵᠡᠷᠭᠡ ᠠᠰᠠᠭᠤᠳᠠᠯ ᠣᠷᠣᠰᠢᠵᠤ ᠪᠠᠶᠢᠪᠠ᠃ ᠡᠭᠦᠨ ᠤ ᠬᠠᠮᠲᠤ᠂ | ᠠᠵᠢᠯᠲᠠᠳ ᠦᠨᠡᠮᠯᠡᠯ ᠬᠢᠬᠦ ᠶᠠᠪᠤᠴᠠ ᠳᠤ ᠦᠳᠡᠬᠦ᠂ ᠨᠠᠭᠠᠬᠤ᠂ ᠲᠠᠮᠠᠭ᠎ᠠ ᠳᠠᠷᠤᠬᠤ ᠵᠡᠷᠭᠡ ᠠᠯᠢ ᠣᠯᠠᠨ ᠠᠵᠢᠯ ᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ | ᠶᠢ ᠲᠤᠶᠢᠯ ᠤᠨ ᠶᠡᠭᠡ ᠪᠠᠷ ᠨᠥᠯᠥᠭᠡᠯᠡᠳᠡᠭ᠃ ︽ᠦᠯᠦ ᠬᠥᠳᠡᠯᠬᠦ ᠬᠥᠷᠥᠩᠭᠡ ᠶᠢᠨ ᠨᠢᠭᠡᠴᠡ ᠶᠢᠨ ᠠᠩᠬᠠᠨ ᠤ ᠳᠠᠩᠰᠠᠯᠠᠯᠲᠠ ᠶᠢᠨ ᠡᠯᠧᠺᠲᠷᠣᠨ ᠮᠡᠳᠡᠭᠡ | ᠵᠠᠩᠭᠢ ᠶᠢᠨ ᠬᠦᠰᠦᠨᠦᠭᠲᠦ︾ ᠶᠢ ᠲᠣᠭᠠᠴᠢᠯᠠᠬᠤ ᠥᠭᠡᠷᠡᠴᠢᠯᠡᠯᠲᠡ ᠪᠠᠷ ᠳᠠᠮᠵᠢᠭᠤᠯᠤᠨ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠦᠷ᠎ᠡ ᠪᠦᠲᠦᠮᠵᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠴᠠᠭ ᠢ ᠪᠣᠭᠤᠨᠢᠰᠬᠠᠪᠠ᠃ |