ᠳ᠋ᠠ ᠶᠣᠣ ᠶᠢᠨ ᠪᠠᠭᠤᠷᠢ᠄ ᠡᠷᠲᠡᠨ ᠤ ᠬᠥᠮᠦᠰ ᠤᠨ ᠪᠣᠯᠪᠠᠰᠤᠨ ᠵᠦᠭ ᠤᠷᠤᠭᠰᠢᠯᠠᠭᠰᠠᠨ ᠭᠡᠷᠡᠴᠢ ᠶᠢ ᠬᠠᠶᠢᠵᠤ ᠣᠯᠪᠠ
ᠨᠡᠶᠢᠲᠡᠯᠡᠭᠰᠡᠨ ᠴᠠᠭ᠄
2023/2/8
      ᠥᠪᠥᠷ ᠮᠣᠩᠭᠤᠯ ᠤᠨ ᠮᠦᠽᠧᠢ ᠶᠢᠨ ᠬᠤᠶᠠᠳᠤᠭᠠᠷ ᠳᠠᠪᠬᠤᠷᠯᠢᠭ ᠤᠨ ᠨᠢᠭᠡᠨ ᠠᠵᠢᠯᠯᠠᠬᠤ ᠲᠠᠰᠤᠭ ᠲᠤ ᠸᠠᠩ ᠶᠢᠩ ᠬᠤᠸᠠ ᠲᠠᠢ ᠠᠭᠤᠯᠵᠠᠬᠤᠦᠶ᠎ᠡ ᠳᠤ ᠲᠡᠷᠡ ᠶᠠᠭ ᠨᠢᠭᠡ ᠬᠡᠰᠡᠭ ᠴᠢᠯᠠᠭᠤᠨ ᠮᠠᠲ᠋ᠧᠷᠢᠶᠠᠯ ᠢ ᠳᠠᠬᠢᠨ ᠳᠠᠪᠲᠠᠨ ᠴᠣᠬᠢᠵᠤ᠂ ᠭᠠᠵᠠᠷ ᠳᠦᠭᠦᠷᠡᠩ ᠴᠢᠯᠠᠭᠤᠨ ᠬᠡᠮᠬᠡᠳᠡᠭ ᠤᠨᠠᠴᠢᠬᠠᠭᠰᠠᠨ ᠪᠠᠶᠢᠯ᠎ᠠ       ᠸᠠᠩ ᠶᠢᠩ ᠬᠤᠸᠠ ᠡᠪᠦᠭᠡ ᠸᠠᠩ ᠢᠦᠢ ᠫᠢᠩ ᠤᠨ ᠡᠬᠢᠯᠡᠭᠦᠯᠦᠭᠰᠡᠨ ᠪᠠᠯᠠᠷ ᠡᠷᠲᠡᠨ ᠤ ᠰᠣᠶᠣᠯ ᠤᠨ ᠲᠤᠬᠠᠢ ᠬᠠᠶᠢᠨ ᠰᠦᠪᠡᠭᠴᠢᠯᠡᠬᠦ ᠰᠤᠳᠤᠯᠭᠠᠨ ᠢ ᠤᠯᠠᠮᠵᠢᠯᠠᠨ ᠦᠷᠭᠦᠯᠵᠢᠯᠡᠭᠦᠯᠦᠭᠰᠡᠭᠡᠷ ᠢᠷᠡᠵᠡᠢ᠃      ᠸᠠᠩ ᠶᠢᠩ ᠬᠤᠸᠠ᠄ ︽ᠴᠢᠯᠠᠭᠤᠨ ᠵᠡᠪᠰᠡᠭ ᠢ ᠬᠡᠷᠬᠢᠨ ᠦᠢᠯᠡᠳᠦᠭᠰᠡᠨ ᠪᠣᠶ᠂ ᠦᠢᠯᠡᠳᠬᠦ ᠮᠡᠷᠭᠡᠵᠢᠯ ᠤᠨ ᠲᠠᠯ᠎ᠠ ᠪᠠᠷ ᠪᠠᠯᠠᠷ ᠡᠷᠲᠡᠨ ᠤ ᠬᠥᠮᠦᠰ ᠤᠨ ᠰᠡᠴᠡᠨ ᠰᠡᠷᠭᠦᠯᠡᠩ ᠤᠶᠤᠨ ᠤᠬᠠᠭᠠᠨ ᠢ ᠬᠡᠷᠬᠢᠨ ᠲᠤᠰᠬᠠᠭᠰᠠᠨ ᠪᠣᠶ᠂ ᠥᠨᠥᠳᠦᠷ ᠪᠢᠳᠡ ᠠᠳᠠᠯᠢ ᠪᠤᠰᠤ ᠴᠠᠭ ᠦᠶ᠎ᠡ ᠶᠢᠨ ᠴᠢᠯᠠᠭᠤᠨ ᠵᠡᠪᠰᠡᠭ ᠢ ᠬᠠᠮᠲᠤ ᠲᠠᠯᠪᠢᠬᠤ ᠦᠶ᠎ᠡ ᠳᠤ 50 ᠲᠦᠮᠡᠨ ᠵᠢᠯ ᠤᠨ ᠪᠠᠭᠠᠵᠢ ᠵᠡᠪᠰᠡᠭ ᠤᠨ ᠬᠥᠭᠵᠢᠯᠲᠡ ᠶᠢᠨ ᠲᠡᠦᠬᠡ ᠲᠣᠳᠣᠷᠠᠵᠤ᠂ ᠮᠠᠨ ᠤ ᠡᠷᠲᠡᠨ ᠤ ᠬᠥᠮᠦᠰ ᠤᠨ ᠬᠡᠷᠬᠢᠨ ᠪᠠᠯᠠᠷᠯᠢᠭ ᠠᠴᠠ ᠪᠣᠯᠪᠠᠰᠤᠨ ᠵᠦᠭ ᠤᠷᠤᠭᠰᠢᠯᠠᠭᠰᠠᠨ ᠢ ᠣᠶᠢᠯᠠᠭᠠᠬᠤ ᠭᠡᠷᠡᠴᠢ ᠪᠣᠯᠵᠤ ᠪᠠᠶᠢᠨ᠎ᠠ︾ ᠭᠡᠯ᠎ᠡ᠃      2011 ᠣᠨ ᠳᠤ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠪᠣᠯᠣᠨ ᠡᠷᠲᠡᠨ ᠤ ᠬᠥᠮᠥᠨ ᠲᠥᠷᠥᠯᠬᠢᠲᠡᠨ ᠢ ᠰᠤᠳᠤᠯᠬᠤ ᠭᠠᠵᠠᠷ ᠲᠠᠢ ᠬᠠᠮᠲᠤᠷᠠᠨ᠂ ︽ᠥᠪᠥᠷ ᠮᠣᠩᠭᠤᠯ ᠤᠨ ᠬᠠᠭᠤᠴᠢᠨ ᠴᠢᠯᠠᠭᠤᠨ ᠵᠡᠪᠰᠡᠭ ᠤᠨ ᠰᠤᠳᠤᠯᠭᠠᠨ ᠤ ᠲᠥᠪ︾ ᠢ ᠪᠠᠶᠢᠭᠤᠯᠵᠤ᠂ ᠲᠦᠷᠪᠡᠨ ᠵᠢᠯ ᠤᠨ ᠬᠤᠭᠤᠴᠠᠭᠠᠨ ᠳᠤ ᠳ᠋ᠠ ᠶᠣᠣ ᠶᠢᠨ ᠪᠠᠭᠤᠷᠢ ᠳᠤ ᠰᠢᠨ᠎ᠡ ᠨᠢᠭᠡ ᠡᠭᠡᠯᠵᠢ ᠶᠢᠨ ᠬᠠᠭᠤᠴᠢ ᠰᠤᠳᠤᠯᠤᠯ ᠤᠨ ᠲᠠᠯ᠎ᠠ ᠪᠠᠷ ᠠᠭᠤᠳᠠᠯᠵᠤ ᠰᠤᠳᠤᠯᠬᠤ ᠲᠥᠯᠥᠪᠯᠡᠭᠡ ᠲᠣᠭᠲᠠᠭᠠᠭᠠᠳ ᠪᠦᠷ ᠴᠢᠬᠤᠯᠠ ᠣᠯᠣᠯᠲᠠ ᠲᠠᠢ᠃       2016 ᠣᠨ ᠠᠴᠠ ᠡᠬᠢᠯᠡᠨ᠂ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠤᠨ ᠳᠡᠮᠵᠢᠯᠭᠡ  ᠪᠠᠷ ᠸᠠᠩ ᠶᠢᠩ ᠬᠤᠸᠠ ᠴᠢᠯᠠᠭᠤᠨ ᠵᠡᠪᠰᠡᠭᠦᠢᠯᠡᠳᠬᠦ ᠲᠤᠷᠰᠢᠯᠲᠠ ᠶᠢᠨ ᠲᠠᠰᠤᠭ ᠪᠠᠶᠢᠭᠤᠯᠵᠤ᠂ ᠠᠳᠠᠯᠢ ᠪᠤᠰᠤ ᠴᠠᠭ ᠦᠶ᠎ᠡ ᠶᠢᠨ ᠡᠷᠲᠡᠨ ᠤ ᠬᠥᠮᠦᠨ ᠲᠥᠷᠥᠯᠬᠢᠲᠡᠨ ᠤ ᠦᠢᠯᠡᠳᠦᠭᠰᠡᠨ ᠴᠢᠯᠠᠭᠤᠨ ᠵᠡᠪᠰᠡᠭ ᠢ ᠳᠠᠭᠤᠷᠢᠶᠠᠨ ᠦᠢᠯᠡᠳᠴᠡᠢ᠃ ᠣᠳᠣᠬᠠᠨ ᠳᠤ ᠲᠤᠷᠰᠢᠯᠲᠠ ᠶᠢᠨ ᠲᠠᠰᠤᠭ ᠨᠢ ᠣᠲᠣ ᠠᠴᠠ 50 ᠲᠦᠮᠡᠨ ᠵᠢᠯ ᠠᠴᠠ 5000 ᠵᠢᠯ ᠤᠨ ᠡᠮᠦᠨᠡᠬᠢ ᠠᠳᠠᠯᠢ ᠪᠤᠰᠤ ᠬᠤᠭᠤᠴᠠᠭᠠᠨ ᠤ ᠴᠢᠯᠠᠭᠤᠨ ᠵᠡᠪᠰᠡᠭ ᠢ ᠳᠠᠭᠤᠷᠢᠶᠠᠨ ᠦᠢᠯᠡᠳᠴᠦ ᠪᠣᠯᠣᠨ᠎ᠠ᠃      ︽ᠡᠭᠦᠨ ᠠᠴᠠ ᠠᠳᠠᠯᠢ ᠪᠤᠰᠤ ᠴᠠᠭ ᠦᠶ᠎ᠡ ᠶᠢᠨ ᠡᠷᠲᠡᠨ ᠤ ᠬᠥᠮᠦᠨ ᠤ ᠴᠢᠯᠠᠭᠤᠨ ᠵᠡᠪᠰᠡᠭ ᠬᠢᠬᠦ ᠮᠡᠷᠭᠡᠵᠢᠯ ᠤᠨ ᠬᠥᠭᠵᠢᠯᠲᠡ ᠬᠤᠪᠢᠰᠤᠯᠲᠠ ᠶᠢ ᠢᠯᠭᠠᠨ ᠲᠠᠨᠢᠬᠤ ᠳᠤ ᠰᠢᠨᠵᠢᠯᠡᠬᠦ ᠤᠬᠠᠭᠠᠨᠴᠢ ᠦᠨᠳᠦᠰᠦ ᠪᠠᠷᠢᠮᠲᠠ ᠶᠢ ᠬᠠᠶᠢᠵᠤ ᠣᠯᠵᠠᠢ᠂ ᠡᠭᠦᠨ ᠤ ᠬᠠᠮᠲᠤ ᠰᠡᠷᠭᠦᠭᠡᠭᠰᠡᠨ ᠴᠢᠯᠠᠭᠤᠨ ᠵᠡᠪᠰᠡᠭ ᠬᠢᠬᠦ ᠶᠠᠪᠤᠴᠠ  ᠨᠢ ᠮᠦᠽᠧᠢ ᠶᠢᠨ ᠬᠦᠷᠢᠶᠡᠯᠡᠩ ᠤᠨ ᠴᠢᠯᠠᠭᠤᠨ ᠵᠡᠪᠰᠡᠭ ᠤᠨ ᠴᠠᠭ ᠦᠶ᠎ᠡ ᠶᠢᠨ  ᠦᠵᠡᠭᠦᠯᠭᠡ ᠬᠢᠬᠦ ᠦᠶ᠎ᠡ ᠳᠤ ᠦᠵᠡᠭᠴᠢᠳ ᠤᠨ ᠳᠤᠷᠠᠳᠤᠭᠰᠠᠨ ᠦᠵᠡᠬᠦ ᠳᠤ ᠲᠤᠳᠤᠷᠬᠠᠢ ᠦᠭᠡᠢ᠂ ᠶᠠᠭᠤᠨ ᠳᠤ ᠴᠢᠯᠠᠭᠤᠨ ᠵᠡᠪᠰᠡᠭ ᠭᠡᠵᠦ ᠨᠡᠷᠡᠶᠢᠳᠦᠭᠰᠡᠨ᠂ ᠬᠡᠲᠦᠷᠬᠡᠢ ᠲᠤᠰᠬᠠᠶᠢᠵᠢᠭᠰᠠᠨ ᠵᠡᠷᠭᠡ ᠠᠰᠠᠭᠤᠳᠠᠯ ᠢ ᠰᠢᠢᠳᠪᠦᠷᠢᠯᠡᠬᠦ ᠠᠷᠭ᠎ᠠ  ᠲᠠᠢ ᠪᠣᠯᠵᠠᠢ︾ ᠭᠡᠵᠦ ᠸᠠᠩ ᠶᠢᠩ ᠬᠤᠸᠠ ᠶᠠᠷᠢᠵᠤ ᠪᠠᠶᠢᠭᠰᠠᠨ ᠪᠢᠯᠡ᠃      ᠳ᠋ᠠ ᠶᠣᠣ ᠶᠢᠨ ᠪᠠᠭᠤᠷᠢ ᠶᠢ ᠠᠭᠤᠳᠠᠯᠤᠨ ᠰᠤᠳᠤᠯᠵᠤ ᠬᠠᠮᠠᠭᠠᠯᠠᠭᠰᠠᠨ ᠰᠠᠭᠤᠷᠢᠨ᠂ ᠸᠠᠩ ᠶᠢᠩ ᠬᠤᠸᠠ ᠵᠡᠷᠭᠡ ᠣᠷᠣᠨ ᠤ ᠳᠣᠲᠣᠨ᠎ᠠ ᠭᠠᠳᠠᠨᠠᠬᠢᠬᠠᠭᠤᠴᠢ ᠰᠤᠳᠤᠯᠤᠯ ᠤᠨ ᠲᠤᠰᠬᠠᠢ ᠮᠡᠷᠭᠡᠵᠢᠯᠲᠡᠨ ᠡᠷᠳᠡᠮᠲᠡᠨ ᠬᠠᠷᠠᠭ᠎ᠠ ᠪᠠᠨ ᠥᠪᠥᠷ ᠮᠣᠩᠭᠤᠯ ᠤᠨ ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠥᠷᠭᠡᠳᠬᠡᠵᠦ᠂ ᠬᠥᠮᠦᠨ ᠲᠥᠷᠥᠯᠬᠢᠲᠡᠨ ᠤ ᠰᠣᠶᠣᠯ ᠤᠨ ᠭᠧᠨ ᠢ ᠬᠠᠶᠢᠬᠤ ᠵᠠᠮ ᠢᠶᠠᠷ ᠵᠠᠮᠨᠠᠪᠠ᠃ ᠵᠠᠷᠢᠮ ᠡᠷᠳᠡᠮᠲᠡᠨ ᠡᠷᠳᠡᠮ ᠰᠢᠨᠵᠢᠯᠡᠭᠡᠨ ᠤ ᠪᠣᠳᠠᠲᠠᠢ ᠠᠴᠠ ᠰᠠᠯᠤᠩᠬᠢᠷᠠᠭᠰᠠᠨ ᠪᠠᠶᠢᠳᠠᠯ ᠠᠴᠠ ᠪᠠᠨ ᠠᠩᠭᠢᠵᠢᠷᠠᠭᠠᠳ᠂ ᠪᠠᠭᠤᠷᠢ ᠶᠢ ᠬᠠᠮᠠᠭᠠᠯᠠᠬᠤ᠂ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠪᠥᠲᠥᠭᠡᠨ ᠪᠠᠶᠢᠭᠤᠯᠬᠤ᠂ ᠮᠦᠽᠧᠶ ᠶᠢᠨ ᠳᠡᠯᠭᠡᠨ ᠦᠵᠡᠭᠦᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠵᠡᠷᠭᠡ ᠲᠠᠯ᠎ᠠ ᠪᠠᠷ ᠢᠳᠡᠪᠬᠢᠲᠡᠶ ᠣᠷᠣᠯᠴᠠᠭᠰᠠᠨ ᠮᠥᠷᠲᠡᠭᠡᠨ ᠴᠢᠬᠤᠯᠠ ᠦᠢᠯᠡᠳᠦᠯ ᠦᠵᠡᠭᠦᠯᠵᠦ᠂ ᠨᠡᠶᠢᠭᠡᠮ ᠤᠨ ᠦᠢᠯᠡᠳᠦᠯ ᠨᠢ ᠡᠳᠦᠷ ᠢᠷᠡᠬᠦᠶ᠎ᠡ ᠢᠯᠡᠷᠬᠡᠢ ᠪᠣᠯᠵᠤ ᠪᠠᠶᠢᠨ᠎ᠠ᠃      ᠬᠠᠭᠤᠴᠢᠨ ᠴᠢᠯᠠᠭᠤᠨ ᠵᠡᠪᠰᠡᠭ ᠤᠨ ᠴᠠᠭ ᠦᠶ᠎ᠡ ᠶᠢᠨ ᠬᠠᠭᠤᠴᠢ ᠰᠤᠳᠤᠯᠤᠯ ᠳᠤᠮᠳᠠᠳᠤ ᠤᠯᠤᠰ ᠲᠤ ᠵᠠᠭᠤ ᠰᠢᠬᠠᠮ ᠵᠢᠯ ᠤᠨ ᠬᠥᠭᠵᠢᠯᠲᠡ ᠶᠢᠨᠶᠠᠪᠤᠴᠠ ᠶᠢ ᠥᠩᠭᠡᠷᠡᠭᠡᠵᠡᠢ᠃ ᠣᠳᠣᠬᠠᠨ ᠳᠤ ᠡᠷᠲᠡᠨ ᠤ ᠬᠥᠮᠦᠨ ᠲᠥᠷᠥᠯᠬᠢᠲᠡᠨ ᠤ ᠪᠠᠭᠤᠷᠢ ᠶᠢ 2000 ᠭᠠᠷᠤᠶ ᠢᠯᠡᠷᠡᠭᠦᠯᠵᠦ᠂ ᠣᠲᠣ ᠠᠴᠠ 200ᠭᠠᠷᠤᠶ ᠲᠦᠮᠡᠨ ᠵᠢᠯ ᠠᠴᠠ 1 ᠲᠦᠮᠡᠨ ᠵᠢᠯ ᠤᠨ ᠡᠮᠦᠨᠡᠬᠢ ᠡᠯ᠎ᠡ ᠴᠠᠭ ᠦᠶ᠎ᠡ ᠶᠢ ᠬᠠᠮᠤᠷᠴᠠᠶ᠃ ᠥᠪᠥᠷ ᠮᠣᠩᠭᠤᠯ ᠣᠷᠣᠨ ᠤ ᠬᠠᠭᠤᠴᠢᠨ ᠴᠢᠯᠠᠭᠤᠨᠵᠡᠪᠰᠡᠭ ᠤᠨ ᠦᠶ᠎ᠡ ᠶᠢᠨ ᠬᠠᠭᠤᠴᠢ ᠰᠤᠳᠤᠯᠤᠯ ᠨᠡᠯᠢᠶᠡᠳ ᠡᠷᠲᠡ ᠡᠬᠢᠯᠡᠵᠦ᠂ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠲᠡᠦᠬᠡᠨ ᠳᠡᠭᠡᠷ᠎ᠡ ᠬᠠᠮᠤᠭ ᠤᠨ ᠳᠣᠪᠣᠶᠢᠮ᠎ᠠ ᠪᠠᠶᠢᠷᠢ ᠰᠠᠭᠤᠷᠢ ᠲᠠᠢ ᠭᠡᠵᠦ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠠᠷᠤᠭ᠎ᠠ ᠼᠤᠤ ᠵᠢᠶᠠᠨ ᠧᠨ ᠶᠠᠷᠢᠵᠤ ᠪᠠᠶᠢᠯ᠎ᠠ᠃︵ᠦᠪᠦᠷ ᠮᠤᠩᠭᠤᠯ ᠤᠨ ᠡᠳᠦᠷ ᠤᠨ ᠰᠣᠨᠢᠨ ᠬᠤᠷᠢᠶᠠᠨ ᠤ ᠬᠠᠮ ᠵᠢᠭᠤᠴᠢᠯᠠᠭᠤᠷ ᠤᠨ ᠰᠤᠷᠪᠤᠯᠵᠢᠯᠠᠭᠴᠢ ᠦ᠋ ᠹᠧᠩ︶
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ