ᠳ᠋ᠠ ᠶᠣᠣ ᠶᠢᠨ ᠪᠠᠭᠤᠷᠢ᠄ ︽ᠪᠡᠭᠡᠵᠢᠩ ᠬᠥᠮᠦᠨ︾ ᠲᠠᠢ ᠨᠢᠭᠡᠨ ᠴᠠᠭ ᠦᠶ᠎ᠡ ᠳᠤ ᠣᠷᠣᠰᠢᠵᠤ ᠪᠠᠶᠢᠪᠠ
ᠨᠡᠶᠢᠲᠡᠯᠡᠭᠰᠡᠨ ᠴᠠᠭ᠄
2023/2/9
      ᠬᠠᠮᠤᠭ ᠤᠨ ᠡᠷᠲᠡ ᠳ᠋ᠡ ᠶᠣᠣ ᠶᠢᠨ ᠪᠠᠭᠤᠷᠢ ᠶᠢ ᠢᠯᠡᠷᠡᠭᠦᠯᠦᠭᠰᠡᠨ ᠬᠥᠮᠦᠨ ᠪᠣᠯ ᠥᠪᠥᠷ ᠮᠣᠩᠭᠤᠯ ᠤᠨ ᠬᠠᠭᠤᠴᠢ ᠰᠣᠳᠣᠯᠠᠭᠴᠢ᠂ ᠮᠦᠽᠧᠶ ᠶᠢᠨ ᠡᠷᠳᠡᠮ ᠰᠢᠨᠵᠢᠯᠡᠭᠡᠨ ᠤ ᠰᠠᠭᠤᠷᠢ ᠶᠢ ᠲᠠᠯᠪᠢᠭᠴᠢ ᠶᠢᠨ ᠨᠢᠭᠡ ᠪᠣᠯᠬᠤ ᠸᠠᠩ ᠢᠦᠶ ᠫᠢᠩ ᠠᠪᠤᠭᠠᠶ ᠪᠣᠯᠣᠨ᠎ᠠ᠃ ᠸᠠᠩ ᠢᠦᠢ ᠫᠢᠩ ᠡᠷᠲᠡ ᠦᠶ᠎ᠡ ᠳᠤ ᠹᠦᠳᠠᠨ ᠶᠡᠭᠡ ᠰᠤᠷᠭᠠᠭᠤᠯᠢ ᠳᠤ ᠰᠤᠷᠤᠯᠴᠠᠵᠦ ᠪᠠᠶᠢᠵᠠᠢ᠂ 1951 ᠣᠨ ᠳᠤ ᠸᠠᠩ ᠢᠦᠢ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠰᠤᠷᠭᠠᠨ ᠬᠥᠮᠦᠵᠢᠯ ᠤᠨ ᠬᠡᠯᠲᠡᠰ ᠲᠤ ᠢᠷᠡᠭᠡᠳ᠂ ᠥᠪᠥᠷ ᠮᠣᠩᠭᠤᠯ ᠤᠨ ᠨᠢᠭᠡᠳᠦᠭᠡᠷ ᠦᠶ᠎ᠡ ᠶᠢᠨ ᠬᠠᠭᠤᠴᠢ ᠰᠣᠳᠣᠯᠠᠯ ᠤᠨ ᠠᠵᠢᠯᠲᠠᠨ ᠪᠣᠯᠵᠠᠢ᠃      ᠳᠡᠭᠡᠷ᠎ᠡ ᠵᠠᠭᠤᠨ ᠤ ᠲᠠᠪᠢᠭᠠᠳ ᠣᠨ ᠳᠤ᠂ ᠸᠠᠩ ᠢᠦᠢ ᠫᠢᠩ ᠠᠩᠬ᠎ᠠ ᠤᠳᠠᠭ᠎ᠠ ᠰᠢᠷᠬᠤᠰᠤ ᠶᠢᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠪᠠᠭᠤᠷᠢ ᠶᠢ ᠢᠯᠡᠷᠡᠭᠦᠯᠵᠦ᠂ ᠬᠡᠳᠦᠨ ᠠᠷᠪᠠᠨ ᠵᠢᠯ ᠤᠨ ᠲᠤᠷᠰᠢ ᠨᠢᠭᠡ ᠰᠡᠳᠭᠢᠯ ᠢᠶᠠᠷ ᠰᠤᠳᠤᠯᠤᠨ ᠳ᠋ᠦᠩᠨᠡᠭᠡᠳ᠂ ᠡᠷᠲᠡᠨ ᠤ ᠳᠠᠯᠠᠨ ᠬᠠᠷ᠎ᠠ ᠠᠭᠤᠯᠠ ᠶᠢᠨ ᠪᠠᠶᠢᠭ᠎ᠠ ᠭᠠᠵᠠᠷ ᠲᠤ ᠡᠪᠡᠰᠦ ᠪᠡᠯᠴᠢᠭᠡᠷ ᠥᠩ ᠰᠢᠮᠡᠯᠢᠭ᠂ ᠠᠷᠢᠶᠠᠲᠠᠨ ᠠᠮᠢᠲᠠᠨ ᠤᠷᠤᠩᠨᠠᠨ᠂ ᠬᠦᠨᠡᠰᠦ ᠣᠯᠬᠤ ᠳᠤ ᠬᠢᠯᠪᠠᠷ᠂ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠭᠠᠵᠠᠷ ᠪᠠᠶᠢᠭᠰᠠᠨ ᠪᠠᠶᠢᠵᠠᠢ᠂ᠡᠷᠲᠡᠨ ᠤ ᠬᠥᠮᠦᠨ ᠲᠥᠷᠥᠯᠬᠢᠲᠡᠨ ᠣᠷᠣᠰᠢᠨ ᠲᠣᠭᠲᠠᠨᠢᠬᠤ ᠶᠠᠪᠤᠴᠠ ᠳᠤ ᠴᠢᠨᠠᠷ ᠰᠠᠶᠢᠲᠠᠢ ᠴᠢᠯᠠᠭᠤᠨ ᠮᠠᠲ᠋ᠧᠷᠢᠶᠠᠯ ᠠᠴᠠ ᠰᠠᠯᠵᠤ ᠴᠢᠳᠠᠬᠤ ᠦᠭᠡᠢ᠂ ᠴᠢᠨᠠᠷ ᠰᠠᠶᠢᠲᠠᠢ ᠴᠢᠯᠠᠭᠤᠨ ᠮᠠᠲ᠋ᠧᠷᠢᠶᠠᠯ ᠪᠠᠶᠢᠳᠠᠭ ᠭᠠᠵᠠᠷ ᠢ ᠡᠷᠢᠬᠦ  ᠪᠠᠷ ᠳᠠᠮᠵᠢᠨ᠂ ᠡᠷᠲᠡᠨ ᠤ ᠬᠥᠮᠦᠨ ᠲᠥᠷᠥᠯᠬᠢᠲᠡᠨ ᠤ ᠠᠵᠢᠯᠯᠠᠭᠠᠨ ᠤ ᠭᠠᠵᠠᠷ ᠢ ᠠᠮᠠᠷᠬᠠᠨ ᠣᠯᠬᠤ ᠮᠡᠳᠡᠨ᠎ᠡ ᠭᠡᠵᠦ ᠦᠵᠡᠭᠰᠡᠨ ᠪᠠᠶᠢᠨ᠎ᠠ᠃      1973 ᠣᠨ ᠤ ᠬᠠᠪᠤᠷ ᠠᠴᠠ ᠡᠬᠢᠯᠡᠨ᠂ ᠸᠠᠩ ᠢᠦᠢ ᠫᠢᠩ ᠳᠤᠭᠤᠢ ᠤᠨᠤᠭᠠᠳ ᠳᠠᠯᠠᠨ ᠬᠠᠷ᠎ᠠ ᠶᠢᠨ ᠠᠭᠤᠯᠠᠷᠬᠠᠭ ᠣᠷᠣᠨ᠂ ᠳᠣᠪᠣᠷᠬᠠᠭ ᠭᠠᠵᠠᠷ ᠢᠶᠠᠷ ᠰᠢᠨᠵᠢᠯᠡᠨ ᠪᠠᠶᠢᠴᠠᠭᠠᠵᠤ ᠶᠠᠪᠤᠪᠠ᠃ ᠲᠤᠰ ᠵᠢᠯ ᠤᠨ 10 ᠰᠠᠷ᠎ᠠ ᠳᠤ ᠳ᠋ᠠ ᠶᠣᠣ ᠲᠣᠰᠬᠤᠨ ᠤ ᠡᠮᠦᠨ᠎ᠡ ᠪᠡᠯ ᠤᠨ ᠡᠯ ᠳ᠋ᠤᠤ ᠭᠧᠦ ᠪᠠ ᠰᠾᠢ ᠳ᠋ᠤᠤ ᠭᠧᠦ ᠠᠴᠠ ᠨᠡᠯᠢᠶᠡᠳ ᠠᠷᠪᠢᠨ ᠴᠢᠯᠠᠭᠤᠨ ᠵᠡᠪᠰᠡᠭ ᠪᠠ ᠠᠮᠢᠲᠠᠨ ᠤ ᠶᠠᠰᠤᠨ ᠤ ᠴᠢᠯᠠᠭᠤᠵᠢᠮᠠᠯ ᠢ ᠢᠯᠡᠷᠡᠭᠦᠯᠪᠡ᠃ ᠲᠡᠭᠡᠭᠡᠳ ᠲᠡᠷᠡ ᠠᠳᠡ ᠶᠡᠭᠡ ᠬᠡᠮᠵᠢᠶᠡᠨ ᠤ ᠡᠷᠲᠡᠨ ᠤ ᠬᠥᠮᠦᠨ ᠲᠥᠷᠥᠯᠬᠢᠲᠡᠨ ᠤ ᠤᠯᠠ ᠮᠦᠷ ᠨᠢᠭᠤᠭᠳᠠᠵᠤ ᠪᠠᠶᠢᠬᠤ ᠶᠢ ᠪᠠᠷᠤᠭᠯᠠᠵᠤ ᠮᠡᠳᠡᠯ᠎ᠡ︕      1976 ᠣᠨ ᠤ 9 ᠰᠠᠷ᠎ᠠ ᠳᠤ᠂ ᠥᠪᠥᠷ ᠮᠣᠩᠭᠤᠯ ᠤᠨ ᠮᠦᠽᠧᠶ᠂ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯᠯᠠᠬᠤ ᠠᠩᠭᠢ ᠪᠣᠯᠤᠨ ᠪᠡᠭᠡᠵᠢᠩ ᠶᠡᠭᠡ ᠰᠤᠷᠭᠠᠭᠤᠯᠢ ᠶᠢᠨ ᠬᠠᠭᠤᠴᠢ ᠰᠤᠳᠤᠯᠤᠯ ᠤᠨ ᠰᠠᠯᠪᠤᠷᠢ ᠪᠠᠷ ᠪᠦᠷᠢᠯᠳᠦᠭᠰᠡᠨ ᠬᠠᠭᠤᠴᠢ ᠰᠤᠳᠤᠯᠤᠯ ᠤᠨ ᠮᠠᠯᠲᠠᠵᠤ ᠠᠭᠤᠳᠠᠯᠬᠤ ᠠᠩᠭᠢ ᠳᠤᠮᠳᠠᠳᠤ ᠤᠯᠤᠰ ᠤᠨ ᠠᠯᠳᠠᠷᠲᠤ ᠬᠠᠭᠤᠴᠢ ᠰᠤᠳᠤᠯᠤᠯ ᠤᠨ ᠲᠤᠰᠬᠠᠢ ᠮᠡᠷᠭᠡᠵᠢᠯᠲᠡᠨ ᠯᠢᠦᠢ ᠽᠦᠨ ᠧ ᠶᠢᠨ ᠵᠢᠯᠣᠭᠤᠳᠤᠯᠭ᠎ᠠ  ᠪᠠᠷ ᠳ᠋ᠠ ᠶᠣᠣ ᠶᠢᠨ ᠪᠠᠭᠤᠷᠢ ᠶᠢᠨ ᠡᠯ ᠳ᠋ᠤᠤ ᠭᠸᠦ ᠶᠢᠨ ᠬᠡᠰᠡᠭ ᠢ ᠮᠠᠯᠲᠠᠵᠤ ᠠᠭᠤᠳᠠᠯᠪᠠ᠃ ᠥᠩᠭᠡᠷᠡᠭᠰᠡᠨ ᠳᠤ ︽ᠪᠡᠭᠡᠵᠢᠩ ᠤᠨ ᠬᠥᠮᠦᠨ ᠰᠠᠷᠮᠠᠭᠴᠢᠨ︾ ᠢ ᠢᠯᠡᠷᠡᠭᠦᠯᠦᠭᠰᠡᠨ ᠳᠤᠮᠳᠠᠳᠤ ᠤᠯᠤᠰ ᠤᠨ ᠠᠯᠳᠠᠷᠲᠤ  ᠬᠠᠭᠤᠴᠢᠨ ᠵᠡᠪᠰᠡᠭ ᠤᠨ ᠦᠶ᠎ᠡ ᠶᠢᠨ ᠬᠠᠭᠤᠴᠢ ᠰᠤᠳᠤᠯᠤᠯ ᠤᠨ ᠲᠤᠰᠬᠠᠢ ᠮᠡᠷᠭᠡᠵᠢᠯᠲᠡᠨ ᠫᠧᠢ ᠸᠧᠨ ᠵᠦᠩ᠂ ᠵᠢᠶᠠ ᠯᠠᠨ ᠫᠦᠸᠧ ᠠᠪᠤᠭᠠᠢ ᠴᠦ ᠳ᠋ᠠ ᠶᠣᠣ ᠶᠢᠨ ᠪᠠᠭᠤᠷᠢ ᠳᠤ ᠬᠦᠷᠴᠦ ᠰᠢᠨᠵᠢᠯᠡᠨ ᠪᠠᠶᠢᠴᠠᠭᠠᠭᠰᠠᠨ ᠪᠥᠭᠡᠳ ᠠᠭᠤᠳᠠᠯᠵᠤ ᠰᠣᠳᠣᠯᠬᠤ ᠠᠵᠢᠯ ᠢ ᠵᠢᠯᠣᠭᠤᠳᠴᠤ ᠪᠠᠶᠢᠪᠠ᠃      ᠡᠯ ᠳ᠋ᠤᠤ ᠭᠧᠤ ᠶᠢᠨ ᠮᠠᠯᠲᠠᠵᠤ ᠠᠭᠤᠳᠠᠯᠬᠤ ᠲᠤᠬᠠᠢ ᠶᠢᠨ ᠲᠠᠯᠠᠪᠠᠢ ᠳᠤ ᠬᠤᠶᠠᠷ ᠠᠪᠤᠭᠠᠢ ᠨᠡᠯᠢᠶᠡᠳ ᠥᠨᠳᠥᠷ ᠦᠨᠡᠯᠡᠯᠲᠡ ᠥᠭᠴᠦ᠂ ᠫᠧᠢ ᠸᠧᠨ ᠵᠦᠩ ᠡᠯ ᠳ᠋ᠤᠤ ᠭᠸᠦ ᠶᠢᠨ ᠰᠣᠶᠣᠯ ᠢ ︽ᠳ᠋ᠠ ᠶᠣᠣ ᠶᠢᠨ ᠰᠣᠶᠣᠯ︾ ᠭᠡᠵᠦ ᠨᠡᠷᠡᠢᠳᠪᠡ᠃      1979 ᠣᠨ ᠪᠣᠯᠤᠨ 1983 ᠣᠨ ᠳᠤ ᠬᠠᠭᠤᠴᠢ ᠰᠣᠳᠣᠯᠠᠭᠴᠢᠳ ᠡᠯ ᠳ᠋ᠤᠤ ᠭᠧᠤ ᠪᠣᠯᠤᠨ ᠰᠾᠢ ᠳ᠋ᠤᠤ ᠭᠧᠤ ᠳᠤ ᠵᠠᠯᠭᠠᠭ᠎ᠠ ᠪᠠᠷ ᠬᠤᠶᠠᠷ ᠤᠳᠠᠭ᠎ᠠ ᠮᠠᠯᠲᠠᠵᠤ ᠠᠭᠤᠳᠠᠯᠬᠤ ᠠᠵᠢᠯ ᠢ ᠦᠷᠨᠢᠭᠦᠯᠦᠨ᠂ ᠵᠦᠰᠦᠭᠦᠷ᠂ ᠱᠣᠪᠬᠤ ᠬᠡᠯᠪᠡᠷᠢᠲᠡᠢ ᠵᠡᠪᠰᠡᠭ᠂ ᠴᠠᠪᠴᠢᠵᠤ ᠪᠠᠯᠪᠠᠴᠢᠬᠤ ᠵᠡᠪᠰᠡᠭ ᠵᠡᠷᠭᠡ ᠮᠠᠰᠢ ᠠᠷᠪᠢᠨ ᠴᠢᠯᠠᠭᠤᠨ ᠵᠡᠪᠰᠡᠭ ᠢ ᠮᠠᠯᠲᠠᠨ ᠭᠠᠷᠭᠠᠭᠰᠠᠨ ᠠᠴᠠ ᠭᠠᠳᠠᠨ᠎ᠠ ᠪᠠᠰᠠ ᠴᠢᠯᠠᠭᠤᠨ ᠠᠯᠤᠬ᠎ᠠ ᠵᠡᠷᠭᠡ ᠪᠠᠶᠢᠨ᠎ᠠ᠃ ᠰᠾᠢ ᠳ᠋ᠤᠤ ᠭᠧᠦ ᠠᠴᠠ ᠪᠠᠰᠠ ᠬᠥᠮᠦᠨ ᠲᠥᠷᠥᠯᠬᠢᠲᠡᠨ ᠤ ᠭᠠᠯ ᠬᠡᠷᠡᠭᠯᠡᠭᠰᠡᠨ ᠤᠯᠠ ᠮᠥᠷ ᠢᠢᠯᠡᠷᠡᠭᠦᠯᠪᠡ᠃ ᠳ᠋ᠠ ᠶᠣᠣ ᠶᠢᠨ ᠪᠠᠭᠤᠷᠢ ᠶᠢᠨ ᠣᠨ ᠵᠢᠯ ᠪᠤᠯ ᠣᠲᠣ ᠠᠴᠠ 50 ᠲᠦᠮᠡᠨ ᠵᠢᠯ ᠠᠴᠠ 1 ᠲᠦᠮᠡᠨ ᠵᠢᠯ ᠤᠨ ᠡᠮᠦᠨᠡᠬᠢ ᠴᠠᠭ ᠪᠣᠯᠣᠨ᠎ᠠ ᠭᠡᠳᠡᠭ ᠢ ᠬᠠᠭᠤᠴᠢ ᠰᠣᠳᠣᠯᠠᠯ ᠤᠨ ᠠᠷᠭ᠎ᠠ ᠪᠠᠷ ᠬᠡᠮᠵᠢᠨ ᠲᠣᠭᠲᠠᠭᠠᠭᠰᠠᠨ ᠪᠠᠶᠢᠨ᠎ᠠ᠃      ᠡᠷᠳᠡᠮᠲᠡᠨ ᠮᠡᠷᠭᠡᠵᠢᠯᠲᠡᠳ ᠳ᠋ᠠ ᠶᠣᠣ ᠶᠢᠨ ᠪᠠᠭᠤᠷᠢ ᠳᠤ ᠣᠯᠠᠨᠲᠠ ᠬᠠᠭᠤᠴᠢ ᠰᠤᠳᠤᠯᠤᠯ ᠤᠨ ᠲᠠᠯ᠎ᠠ ᠪᠠᠷ ᠮᠠᠯᠲᠠᠵᠤ ᠠᠭᠤᠳᠠᠯᠬᠤ ᠪᠠ ᠰᠤᠳᠤᠯᠭᠠᠨ ᠬᠢᠬᠦ  ᠪᠠᠷ ᠳᠠᠮᠵᠢᠨ᠂ ᠳ᠋ᠠ ᠶᠣᠣ ᠶᠢᠨ ᠪᠠᠭᠤᠷᠢ ᠶᠢᠨ ᠲᠠᠷᠬᠠᠯᠲᠠ ᠶᠢᠨ ᠬᠡᠪᠴᠢᠶ᠎ᠡ ᠶᠢ ᠲᠣᠭᠲᠠᠭᠠᠵᠤ᠂ ᠳ᠋ᠠ ᠶᠣᠣ ᠶᠢᠨ ᠪᠠᠭᠤᠷᠢ ᠶᠢᠨ ᠲᠣᠮᠣ ᠬᠡᠪᠴᠢᠶᠡᠨ ᠤ ᠴᠢᠯᠠᠭᠤᠨ ᠵᠡᠪᠰᠡᠭ ᠦᠢᠯᠡᠳᠬᠦ ᠭᠠᠵᠠᠷ ᠪᠤᠯᠤᠭᠰᠠᠨ ᠤ ᠬᠤᠪᠢ ᠳᠤ ᠬᠡᠭᠡᠷ᠎ᠡ ᠶᠢᠨ ᠪᠠᠭᠤᠷᠢ ᠶᠢᠨ ᠰᠢᠨᠵᠢ ᠴᠢᠨᠠᠷ ᠢ ᠲᠣᠭᠲᠠᠭᠠᠭᠠᠳ᠂ ᠪᠠᠭᠤᠷᠢ ᠶᠢᠨ ᠬᠠᠮᠤᠭ ᠤᠨ ᠡᠷᠲᠡ ᠶᠢᠨ ᠣᠨ ᠵᠢᠯ ᠨᠢ ᠬᠠᠭᠤᠴᠢᠨ ᠴᠢᠯᠠᠭᠤᠨ ᠵᠡᠪᠰᠡᠭ ᠤᠨ ᠡᠬᠢᠨ ᠤ ᠦᠶ᠎ᠡ ᠳᠤ ᠬᠠᠷᠢᠶᠠᠯᠠᠭᠳᠠᠬᠤ ᠶᠢ ᠮᠠᠭᠠᠳᠯᠠᠵᠤ᠂ ᠳ᠋ᠠ ᠶᠣᠣ ᠶᠢᠨ ᠪᠠᠭᠤᠷᠢ ᠳᠤᠮᠳᠠᠳᠤ ᠤᠯᠤᠰ ᠤᠨ ᠤᠮᠠᠷᠠᠲᠤ ᠤᠷᠤᠨ᠂ ᠲᠡᠷᠡᠴᠢᠯᠡᠨ ᠵᠡᠭᠦᠨ ᠬᠤᠢᠲᠤ ᠠᠽᠢᠶ᠎ᠠ ᠶᠢᠨ ᠬᠠᠮᠤᠭ ᠤᠨ ᠴᠢᠬᠤᠯᠠ ᠪᠠᠭᠤᠷᠢ ᠶᠢᠨ ᠨᠢᠭᠡ ᠪᠣᠯᠬᠤ ᠴᠢᠬᠤᠯᠠ ᠪᠠᠶᠢᠷᠢ ᠰᠠᠭᠤᠷᠢ ᠶᠢ ᠲᠣᠭᠲᠠᠭᠠᠭᠰᠠᠨ ᠪᠠᠶᠢᠨ᠎ᠠ᠃      2004 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳ᠋ᠡ ᠶᠣᠣ ᠶᠢᠨ ᠪᠠᠭᠤᠷᠢ ᠶᠢᠨ ᠬᠠᠮᠠᠭᠠᠯᠠᠯᠲᠠ ᠶᠢᠨ ᠬᠡᠪᠴᠢᠶ᠎ᠡ ᠶᠢ ᠵᠢᠩᠬᠢᠨᠢ ᠪᠠᠷ ᠨᠡᠶᠢᠲᠡᠯᠡᠵᠦ᠂ ᠪᠠᠭᠤᠷᠢ ᠶᠢᠨ ᠲᠠᠷᠬᠠᠯᠲᠠ ᠶᠢᠨ ᠲᠠᠯᠠᠪᠠᠢ ᠨᠢ 2 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠪᠠᠶᠢᠨ᠎ᠠ᠃ 2005 ᠣᠨ ᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠬᠢᠨᠠᠨ ᠵᠥᠪᠰᠢᠶᠡᠷᠡᠯ ᠢᠶᠠᠷ ᠮᠠᠨ ᠤ ᠤᠯᠤᠰ ᠤᠨ ᠠᠩᠬᠠᠳᠠᠭᠴᠢ ᠬᠠᠮᠠᠭᠠᠯᠠᠬᠤ ᠲᠥᠯᠥᠪᠵᠢᠭᠦᠯᠭᠡ ᠶᠢ ᠪᠡᠶᠡᠯᠡᠭᠦᠯᠦᠭᠰᠡᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠬᠡᠭᠡᠷ᠎ᠡ ᠶᠢᠨ ᠪᠠᠭᠤᠷᠢ ᠪᠣᠯᠪᠠ᠃      ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠤᠨ ᠳᠠᠷᠤᠭ᠎ᠠ ᠴᠧᠨ ᠶᠦᠩ ᡁᠢ ᠶᠢᠨ ᠲᠠᠨᠢᠯᠴᠠᠭᠤᠯᠬᠤ ᠪᠠᠷ᠂ ᠳ᠋ᠠ ᠶᠣᠣ ᠶᠢᠨ ᠪᠠᠭᠤᠷᠢ ᠶᠢ ᠢᠯᠡᠷᠡᠭᠦᠯᠦᠭᠰᠡᠨ ᠨᠢ ᠥᠪᠥᠷ ᠮᠣᠩᠭᠤᠯ ᠣᠷᠣᠨ ᠤ ᠡᠷᠲᠡᠨ ᠤ ᠬᠥᠮᠥᠨ ᠲᠥᠷᠥᠯᠬᠢᠲᠡᠨ ᠤ ᠠᠵᠢᠯᠯᠠᠭᠠᠨ ᠤ ᠣᠨ ᠵᠢᠯ ᠢ ᠴᠢᠯᠠᠭᠤᠨ ᠵᠡᠪᠰᠡᠭ ᠤᠨ ᠦᠶ᠎ᠡ ᠶᠢᠨ ᠡᠬᠢᠨ ᠤ ᠴᠠᠭ ᠦᠶ᠎ᠡ ᠬᠦᠷᠲᠡᠯ᠎ᠡ ᠮᠥᠷᠳᠡᠵᠦ᠂ ᠤᠮᠠᠷᠠᠲᠤ ᠶᠢᠨ ᠮᠣᠨᠢ ᠠᠭᠤᠯᠠ ᠶᠢᠨ ᠡᠮᠦᠨ᠎ᠡ ᠲᠠᠯ᠎ᠠ ᠳᠤ ᠪᠠᠰᠠ ᠪᠠᠯᠠᠷ ᠡᠷᠲᠡᠨ ᠤ ᠬᠥᠮᠥᠰ ᠤᠷᠤᠰᠢᠵᠤ ᠪᠠᠶᠢᠭᠰᠠᠨ ᠢ  ᠭᠡᠷᠡᠴᠢᠯᠡᠨ᠂ ᠲᠡᠳᠡ ᠳᠡᠯᠡᠬᠡᠢ ᠳ᠋ᠠᠬᠢᠨ ᠳᠤ ᠠᠯᠳᠠᠷᠰᠢᠭᠰᠠᠨ ᠳᠤᠮᠳᠠᠳᠤ ᠤᠯᠤᠰ ᠤᠨ ᠵᠧᠦ ᠺᠸᠤ ᠳ᠋ᠢᠶᠠᠨ ᠤ ︽ᠪᠡᠭᠡᠵᠢᠩ ᠬᠥᠮᠦᠨ︾ ᠲᠠᠢ ᠬᠠᠮᠲᠤ ᠨᠢᠭᠡᠨ ᠴᠠᠭ ᠦᠶ᠎ᠡ ᠳᠤ ᠣᠷᠣᠰᠢᠵᠤ ᠪᠠᠶᠢᠭᠰᠠᠨ ᠢ ᠭᠡᠷᠡᠴᠢᠯᠡᠵᠡᠢ᠃ ᠳ᠋ᠠ ᠶᠣᠣ ᠶᠢᠨ ᠪᠠᠭᠤᠷᠢ ᠶᠢ ᠢᠯᠡᠷᠡᠭᠦᠯᠦᠭᠰᠡᠨ ᠨᠢ ᠳᠤᠮᠳᠠᠳᠤ ᠤᠯᠤᠰ ᠤᠨ ᠵᠠᠭᠤᠨ ᠲᠦᠮᠡᠨ ᠵᠢᠯ ᠤᠨ ᠬᠥᠮᠥᠨ ᠲᠥᠷᠥᠯᠬᠢᠲᠡᠨ ᠤ ᠲᠡᠦᠬᠡ ᠶᠢ ᠭᠡᠷᠡᠴᠢᠯᠡᠵᠦ᠂ ᠳᠤᠮᠳᠠᠳᠤ ᠤᠯᠤᠰ ᠤᠨ ᠤᠮᠠᠷᠠᠲᠤ ᠶᠢᠨ ᠲᠠᠯ᠎ᠠ ᠨᠤᠲᠤᠭ ᠪᠣᠯ ᠪᠠᠰᠠ ᠴᠦ ᠬᠥᠮᠦᠨ ᠲᠥᠷᠥᠯᠬᠢᠲᠡᠨ ᠤ ᠴᠢᠬᠤᠯᠠ ᠡᠭᠦᠰᠦᠯ ᠤᠨ ᠭᠠᠵᠠᠷ ᠤᠨ ᠨᠢᠭᠡ ᠪᠣᠯᠬᠤ ᠶᠢ ᠬᠠᠷᠠᠭᠤᠯᠵᠤ᠂ ᠢᠩᠭᠢᠭᠡᠳ ᠤᠮᠠᠷᠠᠲᠤ ᠶᠢᠨ ᠲᠠᠯ᠎ᠠ ᠨᠤᠲᠤᠭ ᠤᠨ  ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠰᠦᠯ ᠤᠨ ᠴᠠᠭ ᠦᠶ᠎ᠡ ᠶᠢ ᠨᠡᠭᠡᠭᠡᠭᠰᠡᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ