ᠮᠠᠨ ᠤ ᠬᠤᠲᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢ ᠠᠬᠢᠭᠤᠯᠵᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠨᠥᠬᠦᠴᠡᠯ ᠤᠨ ᠪᠠᠶᠢᠭᠤᠯᠤᠯᠲᠠ ᠶᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2023/3/1
      ︵ᠰᠤᠷᠪᠤᠯᠵᠢᠯᠠᠭᠴᠢ ᠯᠢᠦᠢ ᠬᠤᠶ ᠱᠧᠩ︶ ᠣᠶᠢᠷ᠎ᠠ ᠳᠤ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠲᠦᠷᠦᠭᠦᠯᠡᠵᠦ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠥᠬᠡᠬᠤᠲᠠ ᠶᠢᠨ ᠵᠥᠪᠯᠡᠯ᠂ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠳᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ 9 ᠨᠢᠭᠡᠴᠡ ᠶᠢᠨ ᠬᠠᠮᠲᠤᠷᠠᠨ ᠪᠠᠶᠢᠭᠤᠯᠤᠭᠰᠠᠨ ᠬᠥᠬᠡᠬᠤᠲᠠ ᠶᠢᠨ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠭᠤᠷᠪᠠᠳᠠᠭᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠬᠦ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠥᠬᠡᠬᠤᠲᠠ ᠣᠷᠣᠨ ᠤ ᠠᠩᠬᠠᠳᠠᠭᠴᠢ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠬᠡᠷᠡᠭ ᠢ ᠭᠤᠷᠪᠠᠳᠠᠭᠢ ᠡᠲᠡᠭᠡᠳ ᠤᠨ ᠪᠣᠳᠠᠲᠠᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠬᠤ᠂ ᠦᠨᠡᠯᠡᠨ ᠵᠢᠱᠢᠬᠦ᠂ ᠰᠢᠨᠵᠢᠯᠡᠨ ᠪᠠᠶᠢᠴᠠᠭᠠᠬᠤ ᠠᠵᠢᠯᠯᠠᠭᠠᠨ ᠤ ᠭᠤᠭᠴᠤᠭ᠎ᠠ ᠳᠤ ᠵᠢᠩᠬᠢᠨᠢ ᠪᠠᠷ ᠣᠷᠣᠭᠤᠯᠬᠤ ᠪᠠᠷ ᠲᠣᠭᠲᠠᠭᠠᠪᠠ᠃       ᠣᠶᠢᠯᠠᠭᠠᠭᠰᠠᠨ ᠢᠶᠠᠷ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠭᠤᠷᠪᠠᠳᠠᠭᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢᠨ ᠲᠣᠪᠴᠢ ᠨᠡᠷ᠎ᠡ ᠨᠢ ᠭᠤᠷᠪᠠᠳᠠᠭᠢ ᠡᠲᠡᠭᠡᠳ ᠤᠨ ᠲᠣᠭᠲᠠᠴᠠ᠂ ᠪᠠᠶᠢᠴᠠᠭᠠᠬᠤ ᠪᠠᠶᠢᠭᠤᠯᠭ᠎ᠠ ᠠᠴᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠶᠠᠯᠠᠲᠤ ᠬᠡᠷᠡᠭ ᠢ ᠰᠢᠢᠳᠪᠦᠷᠢᠯᠡᠬᠦ ᠳᠡᠭᠡᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠥᠭᠡᠷᠡᠴᠢᠯᠡᠯᠲᠡ ᠶᠢᠨ ᠲᠣᠬᠢᠷᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠤᠷᠪᠠᠳᠠᠭᠢ ᠡᠲᠡᠭᠡᠳ ᠤᠨ ᠲᠣᠭᠲᠠᠴᠠ ᠶᠢᠨ ᠬᠠᠮᠢᠶᠠᠷᠤᠯᠲᠠ ᠶᠢᠨ ᠵᠥᠪᠯᠡᠯ ᠤᠨ ᠰᠣᠩᠭᠤᠨ ᠲᠣᠮᠢᠯᠠᠬᠤ ᠪᠠᠷ ᠪᠦᠷᠢᠯᠳᠦᠭᠰᠡᠨ ᠭᠤᠷᠪᠠᠳᠠᠭᠢ ᠡᠲᠡᠭᠡᠳ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠵᠣᠬᠢᠶᠠᠨ ᠪᠠᠶᠢᠭᠤᠯᠤᠯᠲᠠ ᠠᠴᠠ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠠᠮᠠᠯᠠᠯᠲᠠ ᠳᠤ ᠪᠠᠶᠢᠴᠠᠭᠠᠯᠲᠠ᠂ ᠦᠨᠡᠯᠡᠨ ᠵᠢᠱᠢᠯᠲᠡ᠂ ᠬᠢᠨᠠᠯᠲᠠ ᠪᠠ ᠪᠠᠶᠢᠴᠠᠭᠠᠯᠲᠠ ᠬᠢᠬᠦ ᠶᠢ ᠵᠢᠭᠠᠵᠤ ᠪᠠᠶᠢᠨ᠎ᠠ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠬᠡᠷᠡᠭ ᠢ ᠰᠢᠢᠳᠪᠦᠷᠢᠯᠡᠬᠦ ᠶᠢᠨ ᠴᠢᠬᠤᠯᠠ ᠯᠠᠪᠯᠠᠯᠲᠠ ᠪᠣᠯᠭᠠᠨ᠎ᠠ᠃      ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠥᠭᠡᠷᠡᠴᠢᠯᠡᠯᠲᠡ ᠶᠢᠨ ᠵᠣᠷᠢᠯᠭ᠎ᠠ ᠨᠢ ᠪᠤᠷᠤᠭᠤ ᠶᠢ ᠵᠣᠬᠢᠰᠲᠠᠢ ᠪᠠᠷ ᠪᠠᠭᠲᠠᠭᠠᠬᠤ ᠲᠣᠭᠲᠠᠴᠠ ᠶᠢ ᠡᠬᠢᠯᠡᠭᠦᠯᠵᠦ᠂ ᠬᠠᠤᠯᠢᠵᠢᠯ ᠤᠨ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃ ᠭᠡᠰᠢᠭᠦᠨ ᠨᠢᠭᠡᠴᠡ ᠨᠦᠭᠦᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠦᠷᠢᠮ ᠲᠣᠭᠲᠠᠭᠠᠯ ᠢ ᠲᠦᠷᠭᠡᠨ ᠲᠡᠭᠦᠯᠳᠡᠷᠵᠢᠭᠦᠯᠦᠨ ᠬᠡᠷᠡᠭᠵᠢᠭᠦᠯᠬᠦ ᠶᠢᠨ ᠬᠠᠮᠲᠤ ᠵᠢᠷᠤᠮᠵᠢᠭᠤᠯᠤᠨ ᠠᠵᠢᠯᠯᠠᠭᠤᠯᠵᠤ᠂ ᠣᠷᠣᠬᠤ ᠪᠣᠱᠤᠭ᠎ᠠ ᠶᠢᠨ ᠵᠢᠷᠤᠮᠵᠢᠯ᠂ ᠠᠵᠢᠯᠯᠠᠬᠤ ᠲᠠᠰ ᠳᠠᠷᠠᠭᠠᠯᠠᠯ ᠤᠨ ᠵᠢᠷᠤᠮᠵᠢᠯ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠵᠡᠷᠭᠡ ᠶᠢ ᠦᠨᠡᠨ ᠬᠦ ᠪᠠᠲᠤᠯᠠᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠬᠦ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠨᠥᠬᠦᠴᠡᠯ ᠤᠨ ᠪᠠᠶᠢᠭᠤᠯᠤᠯᠲᠠ ᠶᠢ ᠬᠠᠮᠠᠭᠠᠯᠠᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ