ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠨᠠᠢᠮᠠ ᠳᠤ ᠣᠷᠣᠭᠤᠯᠬᠤ ︽ᠨᠢᠭᠡ ᠭᠠᠵᠠᠷ ᠨᠢᠭᠡ ᠭᠤᠣᠯ ᠰᠡᠳᠦᠪ︾ ᠤᠨ ᠠᠵᠢᠯ ᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/1
      ︵ᠰᠤᠷᠪᠤᠯᠵᠢᠯᠠᠭᠴᠢ ᠯᠢᠦ ᠱᠠ ᠱᠠ︶ 2 ᠳ᠋ᠤᠭᠠᠷ ᠰᠠᠷ᠎ᠠ ᠶᠢᠨ 28 ᠤ ᠡᠳᠦᠷ᠂ ᠪᠦᠬᠦ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠨᠠᠢᠮᠠ ᠳᠤ ᠣᠷᠣᠭᠤᠯᠬᠤ ︽ᠨᠢᠭᠡ ᠭᠠᠵᠠᠷ ᠨᠢᠭᠡ ᠭᠤᠣᠯ ᠰᠡᠳᠦᠪ︾ ᠤᠨ ᠠᠵᠢᠯ ᠤᠨ ᠠᠬᠢᠭᠤᠯᠬᠤ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ ᠬᠤᠷᠠᠯ ᠢ ᠡᠷᠭᠢᠯᠡᠪᠡ᠃      ᠠᠬᠢᠭᠤᠯᠬᠤ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠵᠡᠷᠭᠡ ︽ᠨᠠᠢᠮᠠ ᠳᠤ ᠣᠷᠣᠭᠤᠯᠬᠤ︾ ᠠᠵᠢᠯ ᠢ ᠲᠦᠯᠬᠢᠨ ᠠᠬᠢᠭᠤᠯᠬᠤ 12 ᠲᠣᠯᠣᠭᠠᠶᠢᠯᠠᠬᠤ ᠨᠢᠭᠡᠴᠡ ᠶᠢᠨ ᠲᠥᠯᠥᠭᠡᠯᠡᠭᠴᠢ ᠦᠭᠡ ᠬᠡᠯᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠦᠨ᠂ ︽ᠭᠤᠣᠯ ᠰᠢᠵᠢᠮ ᠢ ᠳᠣᠪᠤᠶᠢᠯᠭᠠᠵᠤ᠂ ᠭᠤᠣᠯᠳᠠᠯᠭ᠎ᠠ ᠳᠤ ᠠᠭᠤᠰᠤᠯᠴᠠᠭᠤᠯᠤᠨ᠂ ᠲᠥᠷᠥᠯ ᠬᠤᠪᠢᠶᠠᠨ ᠵᠢᠯᠤᠭᠤᠳᠬᠤ︾ ᠠᠵᠢᠯ ᠤᠨ ᠰᠡᠳᠬᠢᠴᠡ ᠶᠢ ᠦᠷᠭᠦᠯᠵᠢᠯᠡᠨ ᠪᠠᠷᠢᠮᠲᠠᠯᠠᠵᠤ᠂ ︽ᠨᠠᠢᠮᠠ ᠳᠤ ᠣᠷᠣᠭᠤᠯᠬᠤ︾ ᠶᠢᠨ ᠠᠭᠤᠯᠤᠭᠳᠠᠬᠤᠨ ᠪᠠ ᠠᠭᠤᠯᠬᠤᠨ ᠢ ᠪᠠᠶᠠᠯᠢᠭᠵᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠪᠠᠷ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠨ ᠤ ᠲᠥᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ