ᠭᠦᠨ ᠵᠤᠵᠠᠭᠠᠨ ᠰᠠᠭᠤᠷᠢ ᠲᠠᠢ ᠵᠠᠭᠤᠨ ᠵᠢᠯ ᠤᠨ ᠡᠷᠲᠡᠨ ᠤ ᠲᠣᠰᠬᠤᠨ - ᠡᠷᠳᠡᠨ᠋ ᠤ ᠵᠠᠩ ᠦᠢᠯᠡ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠨ᠎ᠠ 1
ᠨᠡᠶᠢᠲᠡᠯᠡᠭᠰᠡᠨ ᠴᠠᠭ᠄
2023/3/1
      ᠮᠠᠨ ᠤ ᠤᠯᠤᠰ ᠤᠨ ᠤᠯᠠᠮᠵᠢᠯᠠᠯᠲᠤ ᠪᠠᠶᠠᠷ ‍ᠤᠨ‌ᠡᠳᠦᠷ ᠲᠤ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠬᠤᠷᠢᠨ ᠲᠠᠪᠤᠨ ᠤ ᠡᠳᠦᠷ ᠪᠣᠯ ᠬᠦᠮᠦᠷᠭᠡ ᠪᠠᠨ ᠲᠦᠬᠦᠷᠬᠡᠬᠦ ᠪᠠᠶᠠᠷ ᠤᠨ ᠡᠳᠦᠷ ᠪᠣᠯᠤᠨ᠎ᠠ᠃ ᠪᠢᠯᠢᠭ ᠤᠨ ᠤᠯᠠᠷᠢᠯ ᠤᠨ ᠬᠤᠶᠠᠷ ᠰᠠᠷ᠎ᠠ ᠶᠢᠨ ᠰᠢᠨ᠎ᠡ ᠶᠢᠨ ᠬᠤᠶᠠᠷ ᠲᠤ ᠯᠤᠤ ᠶᠢᠨ ᠲᠣᠯᠣᠭᠠᠶ ᠥᠨᠳᠡᠢᠳᠡᠭ᠂ ᠮᠠᠰᠢ ᠣᠯᠠᠨ ᠬᠥᠮᠦᠰ ᠡᠨᠡ ᠬᠤᠶᠠᠷ ᠪᠠᠶᠠᠷ ᠤᠨ ᠡᠳᠤᠷ ᠢ ᠶᠠᠮᠠᠷ ᠴᠦ ᠬᠤᠯᠪᠣᠭ᠎ᠠ ᠦᠭᠡᠢ ᠭᠡᠵᠦ ᠦᠵᠡᠳᠡᠭ ᠪᠣᠯᠪᠠᠴᠤ ᠦᠨᠡᠨ ᠳᠡᠭᠡᠨ ᠮᠢᠩᠭᠠᠨ ᠵᠢᠯ ᠤᠨ ᠡᠮᠦᠨ᠎ᠡ ᠡᠨᠡ ᠬᠤᠶᠠᠷ ᠪᠠᠶᠠᠷ ᠤᠨ ᠡᠳᠦᠷ ᠨᠢ ᠶᠠᠭ ᠯᠠ ᠨᠢᠭᠡ ᠡᠰᠢ ᠠᠴᠠ ᠰᠠᠯᠠᠭᠠᠯᠠᠨ ᠳᠡᠯᠭᠡᠷᠡᠭᠰᠡᠨ ᠬᠤᠶᠠᠷ ᠬᠦᠢᠰ ᠴᠡᠴᠡᠭ ᠬᠡᠮᠡᠷ ᠭᠡᠵᠦ ᠬᠡᠯᠡᠵᠤ ᠪᠤᠯᠤᠨ᠎ᠠ᠃ ᠡᠷᠲᠡᠨ ᠤ ᠬᠥᠮᠥᠰ ᠰᠠᠩ ᠬᠥᠮᠥᠷᠭᠡ ᠪᠠᠨ ᠲᠦᠬᠦᠷᠬᠡᠬᠦ ᠪᠠᠶᠠᠷ ᠠᠴᠠ ᠬᠤᠶᠠᠷ ᠰᠠᠷ᠎ᠠ ᠶᠢᠨ ᠰᠢᠨ᠎ᠠ ᠶᠢᠨ ᠬᠤᠶᠠᠷ ᠬᠦᠷᠲᠡᠯᠡᠬᠢ ᠬᠤᠭᠤᠴᠠᠭᠠᠨ ᠳᠤ ᠠᠮᠤ ᠶᠢᠨ ᠬᠥᠮᠥᠷᠭᠡ ᠪᠠᠨ ᠳᠦᠭᠦᠷᠭᠡᠵᠦ᠂ ᠲᠠᠪᠤᠨ ᠲᠠᠷᠢᠶ᠎ᠠ ᠡᠯᠪᠡᠭ ᠬᠤᠷᠢᠶᠠᠯᠳᠠ ᠲᠠᠢ᠂ ᠠᠵᠤ ᠠᠮᠢᠳᠤᠷᠠᠯ ᠵᠣᠯ ᠵᠢᠷᠭᠠᠯ ᠲᠠᠢ  ᠪᠠᠶᠢᠬᠤ ᠶᠢ ᠬᠦᠰᠡᠨ ᠳᠠᠭᠠᠳᠬᠠᠳᠠᠭ ᠶᠤᠮ᠃      ᠭᠡᠪᠡᠴᠦ ᠢᠷᠡᠯᠳᠡ ᠨᠢ ᠬᠡᠳᠤᠷᠬᠡᠢ ᠤᠷᠳᠤ ᠤᠴᠢᠷ ᠠᠴᠠ ᠰᠠᠩ ᠬᠦᠮᠤᠷᠬᠡ ᠪᠠᠨ ᠲᠦᠬᠦᠷᠬᠡᠬᠦ ᠪᠠᠶᠠᠷ ᠪᠠ ᠬᠤᠶᠠᠷ ᠰᠠᠷ᠎ᠠ ᠶᠢᠨ ᠰᠢᠨ᠎ᠠ ᠶᠢᠨ ᠬᠤᠶᠠᠷ ᠤᠨ ᠪᠠᠶᠠᠷ ᠣᠳᠣ ᠮᠠᠰᠢ ᠣᠯᠠᠨ ᠭᠠᠵᠠᠷ ᠤᠷᠤᠨ᠋ ᠳᠤ ᠨᠢᠬᠡᠨᠳᠡ ᠠᠳᠠᠯᠢ ᠪᠤᠰᠤ ᠬᠤᠶᠠᠷ ᠪᠠᠶᠠᠷ ᠤᠨ ᠡᠳᠦᠷ ᠪᠣᠯᠤᠨ ᠬᠤᠪᠢᠷᠠᠵᠤ᠂ ᠬᠥᠬᠡᠬᠤᠲᠠ ᠳᠤ ᠴᠦ ᠭᠡᠰᠡᠨ ᠡᠶᠢᠮᠦ ᠪᠠᠶᠢᠳᠠᠭ᠃      ᠬᠥᠬᠡᠬᠤᠲᠠ ᠳᠤ᠂ ᠲᠣᠰᠬᠤ ᠭᠡᠷ ᠲᠣᠰᠬᠤᠨ ᠤ ᠰᠠᠩ ᠬᠦᠮᠤᠷᠬᠡ ᠪᠠᠨ ᠲᠦᠬᠦᠷᠬᠡᠬᠦ ᠪᠠᠶᠠᠷ ᠪᠣᠯᠤᠨ ᠭᠤᠷᠪᠡᠨ ᠪᠠᠶᠢᠰᠢᠩ ᠲᠣᠰᠬᠤᠨ ᠤ ᠬᠤᠶᠠᠷ ᠰᠠᠷ᠎ᠠ ᠶᠢᠨ ᠰᠢᠨ᠎ᠡ ᠶᠢᠨ ᠬᠤᠶᠠᠷ ᠤᠨ ᠪᠠᠶᠠᠷ ᠨᠢ ᠲᠣᠰᠬᠤᠨ ᠲᠠᠢ ᠪᠠᠨ ᠠᠳᠠᠯᠢ ᠡᠷᠲᠡᠨ ᠤ ᠬᠢ ᠪᠠᠶᠢᠵᠤ᠂ ᠬᠤᠶᠠᠷ ᠭᠤᠷᠪᠠᠨ ᠵᠠᠭᠤᠨ ᠵᠢᠯ ᠦᠷᠭᠦᠯᠵᠢᠯᠡᠵᠡᠢ᠂ ᠲᠠᠷᠠᠴᠢᠯᠠᠨ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠵᠢᠯ ᠪᠦᠷᠢ ᠰᠢᠨ᠎ᠡ ᠠᠭᠤᠯᠭ᠎ᠠ ᠪᠦᠬᠦᠢ ᠠᠵᠢᠯᠯᠠᠭ᠎ᠠ ᠦᠷᠨᠢᠬᠦᠯᠵᠤ᠂ ᠡᠷᠳᠡᠨ᠋ ᠤ ᠠᠷᠠᠳ ᠤᠨ ᠵᠠᠩ ᠦᠢᠯᠡ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠵᠤ ᠪᠢᠯᠡ᠃      ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠤᠰᠬᠤ ᠬᠡᠷ ᠲᠣᠰᠬᠤᠨ ᠪᠣᠯᠤᠨ ᠭᠤᠷᠪᠡᠨ ᠪᠠᠶᠢᠰᠢᠩ ᠲᠣᠰᠬᠤᠨ ᠪᠣᠯ ᠪᠦᠷ ᠳᠠᠯᠠᠨ ᠬᠠᠷ᠎ᠠ ᠠᠭᠤᠯᠠ ᠶᠢᠨ ᠬᠤᠷᠮᠣᠢ ᠲᠤ ᠪᠠᠶᠢᠷᠢᠯᠠᠵᠤ᠂ ᠪᠦᠷ ᠪᠠᠷᠠᠭᠤᠨᠰᠢ ᠨᠡᠬᠦᠳᠡᠯᠯᠡᠬᠦ ᠳᠤ ᠪᠤᠢ ᠪᠣᠯᠣᠭᠰᠠᠨ ᠵᠠᠭᠤᠨ ᠵᠢᠯ ᠤᠨ ᠡᠷᠲᠡᠨ ᠤ ᠲᠣᠰᠬᠤᠨ ᠪᠣᠯᠣᠨ᠎ᠠ᠂ ᠬᠤᠶᠠᠷ ᠲᠣᠰᠬᠤᠨ ᠤ ᠬᠤᠭᠤᠷᠣᠨᠳᠣᠬᠢ ᠵᠠᠢ ᠨᠢ ᠪᠠᠷᠤᠭ 2.5 ᠺᠢᠯᠣᠮᠧᠲᠷ ᠪᠠᠶᠢᠵᠤ᠂ ᠲᠣᠰᠬᠤᠨ ᠳᠤ ᠮᠠᠰᠢ ᠤᠯᠠᠨ ᠡᠷᠲᠡᠨ ᠤ ᠦᠯᠡᠳᠡᠭᠳᠡᠯ ᠪᠤᠢ᠃ ᠢᠯᠠᠩᠭᠤᠶ᠎ᠠ ᠳᠤᠰᠬᠤ ᠬᠡᠷ ᠲᠣᠰᠬᠤᠨ ᠤ ᠲᠡᠦᠬᠡ ᠶᠢᠨᠦᠯᠡᠳᠡᠭᠳᠡᠯ ᠭᠠᠵᠠᠷ ᠰᠠᠢ ᠦᠬᠡᠢ ᠬᠠᠷᠠᠭᠳᠠᠨ᠎ᠠ᠂ ᠡᠬᠦᠨ ᠲᠤ ᠪᠠᠶᠢᠯᠳᠤᠭᠠᠨᠲᠤ ᠤᠯᠤᠰ ᠤᠨ ᠦᠶ᠎ᠡ ᠰᠢᠷᠣᠢ ᠶᠢᠨ ᠬᠤᠳᠠ ᠶᠢᠨ ᠬᠡᠷᠡᠮ ᠤᠨ ᠦᠯᠡᠳᠡᠭᠳᠡᠯ᠂ 200ᠭᠠᠷᠤᠢ ᠵᠢᠯ ᠤᠨ ᠬᠤᠶᠠᠷ ᠰᠠᠭᠤᠷᠢ ᠡᠷᠲᠡᠨ ᠤ ᠬᠠᠶᠢᠯᠠᠰᠤᠨ ᠮᠣᠳᠣ᠂ ᠵᠠᠭᠤ ᠭᠠᠷᠤᠢ ᠵᠢᠯ ᠤᠨ ᠲᠡᠦᠬᠡ ᠲᠠᠢ ᠡᠷᠲᠡᠨ ᠤ ᠰᠢ ᠵᠦᠴᠦᠭᠡ ᠶᠢᠨ ᠲᠠᠶᠢᠰᠠ᠂ ᠶᠡᠭᠡ ᠪᠣᠭᠳᠠ ᠶᠢᠨ ᠰᠦᠮ᠎ᠡ ᠁ ᠵᠡᠷᠭᠡ ᠪᠤᠢ᠃      ︽ᠨᠠᠮᠠᠶᠢ ᠪᠠᠭ᠎ᠠ ᠪᠠᠶᠢᠬᠤ ᠳᠤ ᠲᠣᠰᠬᠤᠨ ᠳᠤ ᠲᠠᠷᠢᠶᠠᠨ ᠭᠠᠵᠡᠷ ᠤᠨ ᠦᠨᠳᠦᠰᠦᠨ ᠪᠦᠳᠦᠭᠡᠨ ᠪᠠᠶᠢᠭᠤᠯᠤᠯᠲᠠ ᠬᠢᠵᠦ ᠪᠠᠶᠢᠪᠠ᠂ ᠠᠪᠤ ᠮᠢᠨᠢ ᠰᠢᠷᠣᠢ ᠶᠢᠨ ᠬᠤᠳᠠ ᠶᠢᠨ ᠬᠡᠷᠡᠮ ᠤᠨ ᠳᠣᠣᠷ᠎ᠠ ᠠᠴᠠ ᠬᠡᠷᠡᠮ ᠪᠠᠷᠢᠬᠤ ᠳᠤ ᠬᠡᠷᠡᠭᠯᠡᠳᠡᠭ ᠬᠢᠩᠭᠠᠷ᠎ᠠ ᠶᠢ ᠮᠠᠯᠲᠠᠨ ᠭᠠᠷᠭᠠᠭᠰᠠᠨ ᠢ ᠪᠢ ᠣᠳᠣ ᠬᠦᠷᠲᠡᠯ᠎ᠡ ᠴᠡᠭᠡᠵᠢᠯᠡᠵᠦ ᠪᠠᠶᠢᠨ᠎ᠠ᠂ ᠲᠡᠷᠡ ᠦᠶ᠎ᠡ ᠳᠤ ᠲᠡᠭᠦᠨ ᠤ ᠦᠨ᠎ᠡ ᠥᠷᠲᠡᠭ ᠢ ᠮᠡᠳᠡᠬᠦ ᠦᠭᠡᠢ ᠤᠴᠢᠷ ᠠᠴᠠ ᠬᠤᠭ ᠯᠣᠪᠰᠢ ᠪᠠᠷ ᠠᠨᠳᠠᠭᠤᠷᠠᠵᠤ ᠬᠤᠳᠠᠯᠳᠤᠴᠢᠬᠠᠵᠠᠢ︾ ᠭᠡᠵᠦ ᠡᠨᠡ ᠵᠢᠯ 65 ᠨᠠᠰᠤᠲᠠᠢ ᠯᠢᠦ ᠮᠢᠩ ᠵᠦᠩ ᠶᠠᠷᠢᠨ᠎ᠠ᠃ ᠯᠢᠤ ᠮᠢᠩ ᠵᠦᠩ ᠪᠣᠯ ᠲᠤᠰᠬᠤ ᠬᠡᠷ ᠲᠣᠰᠬᠤᠨ ᠤ ᠰᠠᠩ ᠬᠦᠮᠤᠷᠬᠡ ᠪᠠᠨ ᠲᠦᠬᠦᠷᠬᠡᠬᠦ ᠪᠠᠶᠠᠷ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠮᠥᠨ᠂ ᠲᠡᠭᠦᠨ ᠤ ᠬᠡᠯᠡᠬᠦ ᠪᠠᠷ᠂ 2000 ᠭᠠᠷᠤᠢ ᠵᠢᠯ ᠤᠨ ᠡᠮᠦᠨ᠎ᠡ ᠂ ᠳᠤᠰᠬᠤ ᠬᠡᠷ ᠳᠤᠰᠬᠤᠨ ᠳᠤ ᠬᠥᠮᠥᠨ ᠵᠤᠨ ᠠᠮᠢᠳᠤᠷᠠᠵᠤ ᠪᠠᠶᠢᠭᠰᠠᠨ ᠢ ᠭᠦᠢᠴᠡᠳ ᠭᠡᠷᠡᠴᠢᠯᠡᠵᠦ ᠪᠣᠯᠣᠨ᠎ᠠ᠃      ᠳᠤᠰᠬᠤ ᠬᠡᠷ ᠬᠡᠳᠡᠭ ᠦᠬᠡ ᠨᠢ ︽ᠤᠭᠲᠤᠯᠭ᠎ᠠ ᠶᠢᠨ ᠭᠠᠵᠠᠷ︾ ᠭᠡᠰᠡᠨ ᠤᠳᠬ᠎ᠠ ᠲᠠᠢ᠃ ᠮᠢᠩ ᠤᠯᠤᠰ ᠤᠨ ᠠᠯᠳᠠᠨ ᠬᠠᠭᠠᠨ ᠠᠳᠡ ᠵᠤᠴᠢᠨ ᠬᠦᠯᠢᠶᠡᠨ ᠠᠪᠬᠤ ᠥᠷᠲᠡᠭᠡ ᠪᠠᠶᠢᠭᠤᠯᠵᠤ᠂ ᠲᠤᠰᠬᠠᠶᠢᠯᠠᠨ ᠡᠯ᠎ᠡ ᠱᠠᠲᠤᠨ ᠤ ᠨᠣᠶᠠᠳ ᠲᠦᠰᠢᠮᠡᠳ ᠢ ᠤᠭᠲᠤᠳᠠᠭ ᠪᠠᠶᠢᠵᠠᠢ᠃      ︽ᠮᠢᠩ ᠤᠯᠤᠰ ᠤᠨ ᠰᠡᠭᠦᠯᠴᠢ ᠴᠢᠩ ᠤᠯᠤᠰ ᠤᠨ ᠡᠬᠢᠨ ᠤ ᠦᠶ᠎ᠡ ᠳᠤ ᠪᠠᠷᠠᠭᠤᠨᠰᠢ ᠨᠡᠭᠦᠳᠡᠯᠯᠡᠭᠰᠡᠨ ᠨᠡᠭᠦᠳᠡᠯᠴᠢᠨ ᠤ ᠶᠡᠭᠡ ᠤᠷᠤᠰᠬᠠᠯ ᠢ ᠳᠠᠭᠠᠯᠳᠤᠨ ᠂ ᠱᠠᠨ ᠰᠢ᠂ ᠱᠠᠨᠰᠢ ᠵᠡᠷᠭᠡ ᠭᠠᠵᠠᠷ ᠠᠴᠠ ᠢᠷᠡᠭᠰᠡᠨ ᠬᠢᠲᠠᠳ ᠦᠨᠳᠦᠰᠦᠲᠡᠨ ᠪᠣᠯᠤᠨ ᠲᠤᠬᠠᠢ ᠶᠢᠨ ᠭᠠᠵᠠᠷ ᠤᠨ ᠮᠣᠩᠭᠤᠯᠴᠤᠳ ᠠᠳᠡ ᠴᠤᠭᠯᠠᠷᠠᠨ ᠰᠠᠭᠤᠷᠢᠰᠢᠵᠤ᠂ ᠬᠠᠮᠤᠭ ᠠᠩᠬᠠᠨ ᠤ ᠲᠣᠰᠬᠤ ᠭᠡᠷ ᠲᠣᠰᠬᠤᠨ ᠪᠣᠯᠵᠤ ᠪᠦᠷᠢᠯᠳᠦᠵᠠᠢ᠂ ᠴᠢᠩ ᠤᠯᠤᠰ ᠤᠨ ᠪᠠᠳᠠᠷᠠᠭᠤᠯᠲᠤ ᠲᠦᠷᠦ ᠬᠠᠭᠠᠨ ᠤ ᠦᠶ᠎ᠡ ᠪᠣᠯᠬᠤ ᠳᠤ᠂ ᠲᠤᠰᠬᠤ ᠬᠡᠷ ᠲᠣᠰᠬᠤᠨ ᠨᠢᠭᠡᠨᠲᠡ ᠬᠥᠭᠵᠢᠶᠡᠨ ᠨᠠᠷᠭᠢᠶᠠᠨ ᠲᠠᠢ ᠲᠣᠰᠬᠤᠨ ᠪᠣᠯᠤᠭᠰᠠᠠ ᠪᠠᠶᠢᠨ᠎ᠠ᠂ ᠮᠢᠨᠦ ᠡᠪᠦᠭᠡ ᠳᠡᠭᠡᠳᠦᠰ ᠬᠠᠮᠤᠭ ᠡᠷᠲᠡ ᠳᠡᠭᠡᠨ ᠱᠠᠨ ᠰᠢ ᠮᠤᠵᠢ ᠶᠢᠨ ᠤᠲᠠᠢ ᠰᠢᠶᠠᠨ ᠠᠴᠠ ᠠᠳᠡ ᠢᠷᠡᠵᠦ᠂ ᠤᠳᠤ ᠠᠷᠪᠠᠨ ᠳᠥᠷᠪᠡᠳᠦᠭᠡᠷ ᠦᠶ᠎ᠡ ᠪᠤᠯᠵᠤ ᠪᠤᠢ︾ ᠬᠡᠵᠤ ᠯᠢᠦ ᠮᠢᠩ ᠵᠦᠩ ᠶᠠᠷᠢᠬᠤ ᠶᠢᠨ ᠲᠠᠭᠠᠤ ᠤᠳᠤ ᠮᠠᠨ ᠤ ᠲᠣᠰᠬᠤᠨ ᠳᠤ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠮᠢᠶᠣᠣ ᠦᠨᠳᠦᠰᠦᠲᠡᠨ᠂ ᠮᠠᠨᠵᠤ ᠦᠨᠳᠦᠰᠦᠲᠡᠨ᠂ ᠲᠦᠵᠢᠶᠠ ᠦᠨᠳᠦᠰᠦᠲᠡᠨ ᠵᠡᠷᠭᠡ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠲᠡᠨᠢᠬᠦᠨ ᠰᠠᠭᠤᠷᠢᠰᠢᠵᠤ ᠪᠠᠶᠢᠨ᠎ᠠ᠃      ᠭᠤᠷᠪᠠᠨ ᠪᠠᠶᠢᠰᠢᠩ ᠬᠡᠳᠡᠭ ᠦᠬᠡ ᠨᠢ ︽ᠭᠤᠷᠪᠠᠨ ᠡᠷᠦᠬᠡ︾ ᠭᠡᠰᠡᠨ ᠤᠳᠬ᠎ᠠ ᠲᠠᠢ᠃ ᠴᠢᠩ ᠤᠯᠤᠰ ᠤᠨ ᠲᠩᠷᠢ ᠲᠡᠳᠬᠦᠭᠴᠢ ᠶᠢᠨ ᠦᠶ᠎ᠡ ᠳᠤ᠂ ᠵᠡᠭᠦᠨ ᠬᠤᠶᠢᠲᠤ ᠣᠷᠣᠨ ᠤ ᠦᠯᠦᠰᠬᠦᠯᠡᠩ ᠭᠠᠴᠢᠭ ᠠᠴᠠ ᠳᠤᠳᠠᠭᠠᠵᠤ ᠢᠷᠡᠭᠰᠡᠨ ᠪᠦ᠋ ᠣᠪᠣᠭᠲᠠᠨ ᠪᠣᠯᠣᠨ ᠶᠦᠨ ᠣᠪᠣᠭᠲᠠᠨ ᠬᠥᠬᠡᠬᠤᠲᠠ ᠳᠤ ᠰᠠᠭᠤᠷᠢᠰᠢᠵᠤ᠂ ᠰᠡᠬᠦᠯᠠᠷ ᠨᠢ ᠵᠠᠩ ᠣᠪᠣᠭᠲᠠᠨ ᠠᠮᠢᠳᠤᠷᠠᠯ ᠢᠶᠠᠨ ᠠᠷᠭᠠᠴᠠᠭᠠᠬᠤ ᠶᠢᠨ ᠲᠦᠯᠦᠬᠡ ᠱᠠᠨ ᠰᠢ ᠠᠴᠠ ᠠᠳᠡ ᠢᠷᠡᠭᠰᠡᠡ ᠠᠴᠠ ᠭᠤᠷᠪᠠᠨ ᠣᠪᠣᠭᠲᠤ ᠶᠢᠨ ᠠᠵᠢᠯ ᠲᠣᠰᠬᠤᠨ ᠪᠣᠯᠤᠨ ᠪᠦᠷᠢᠯᠳᠦᠵᠦ᠂ ᠡᠷᠲᠡᠨ ᠤ ᠭᠤᠷᠪᠠᠨ ᠪᠠᠶᠢᠰᠢᠩ ᠤᠨ ᠨᠡᠷᠡᠶᠢᠳᠦᠯ ᠡᠭᠦᠨ ᠠᠴᠠ ᠢᠷᠡᠯᠲᠡᠢ ᠶᠤᠮ᠃      ᠡᠨᠡ ᠭᠠᠵᠠᠷ ᠤᠤᠯ ᠨᠢ ᠮᠢᠩ ᠤᠯᠤᠰ ᠤᠨ ᠬᠦᠢᠬᠤᠸᠠ ᠬᠤᠳᠠ ᠶᠢᠨ ᠦᠬᠡᠷ ᠬᠤᠨᠢᠨ ᠤ ᠠᠷᠠᠯᠵᠢᠶᠠᠨ ᠤ ᠲᠦᠪ᠂ ᠴᠢᠩ ᠤᠯᠤᠰ ᠤᠨ ᠰᠦᠢᠶᠤᠸᠠᠨ ᠬᠤᠳᠠ ᠶᠢᠨ ᠠᠳᠤᠭᠤᠨ ᠤ ᠠᠷᠠᠯᠵᠢᠶᠠᠨ ᠤ ᠲᠦᠪ ᠪᠠᠶᠢᠵᠤ᠂ ᠬᠢᠯᠢ ᠪᠠᠷ ᠤᠷᠤᠭᠤᠯᠵᠤ ᠭᠠᠷᠭᠠᠬᠤ ᠠᠷᠠᠯᠵᠢᠶ᠎ᠠ ᠬᠤᠳᠠᠯᠳᠤᠭᠠᠨ ᠤ ᠵᠠᠮ ᠪᠠᠶᠢᠪᠠ᠃ ᠭᠤᠷᠪᠡᠨ ᠪᠠᠶᠢᠰᠢᠩ ᠲᠣᠰᠬᠤᠨ ᠳᠤ᠂ 300 ᠭᠠᠷᠤᠢ ᠵᠢᠯ ᠤᠨ ᠲᠡᠦᠬᠡ ᠲᠠᠢ ᠯᠤᠤᠰ ᠤᠨ ᠸᠠᠩ ᠤᠨ ᠰᠦᠮ᠎ᠡ ᠶᠢᠨ ᠪᠠᠭᠤᠷᠢ᠂ 250 ᠵᠢᠯ ᠤᠨ ᠬᠥᠭᠰᠢᠨ ᠬᠠᠶᠢᠯᠠᠰᠤᠨ ᠮᠤᠳᠤ᠂ ᠵᠠᠭᠤᠨ ᠵᠢᠯ ᠤᠨ ᠳᠤᠷᠰᠢ ᠳᠦᠷᠪᠡᠨ ᠤᠯᠠᠷᠢᠯ ᠳᠤ ᠰᠢᠷᠬᠢᠵᠤ ᠬᠥᠯᠳᠡᠳᠡᠭ ᠦᠭᠡᠢ ᠪᠤᠯᠠᠭ ᠲᠠᠢ ᠪᠦᠬᠡᠳ ᠪᠠᠰᠠ ᠮᠠᠰᠢ ᠤᠯᠠᠨ ︽ᠬᠤᠪᠢᠯᠭᠠᠨ ᠯᠤᠤ ᠪᠣᠷᠣᠭᠠᠨ ᠲᠠᠲᠠᠭᠰᠠᠨ ᠨᠢ︾ ︽ᠬᠤᠪᠢᠯᠭᠠᠨ ᠯᠤᠤ ᠪᠣᠷᠣᠭᠠᠨ ᠣᠷᠣᠭᠤᠯᠤᠭᠰᠠᠨ ᠨᠢ︾ ᠵᠡᠷᠭᠡ ᠠᠷᠠᠳ ᠤᠨ ᠤᠯᠠᠮᠵᠢᠯᠠᠯ ᠶᠠᠷᠢᠶ᠎ᠠ ᠲᠠᠢ ᠶᠤᠮ᠃ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠭᠤᠤ ᠷᠦᠢ ᠹᠧᠩ
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ