ᠬᠤᠷᠢᠨᠭᠡᠷ ᠰᠢᠶᠠᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠵᠣᠬᠢᠴᠠᠭᠤᠯᠤᠨ ᠵᠣᠯᠭᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/10
3.2和林格尔县召开新机场项目建设协调对接会议.jpg
      3 ᠰᠠᠷ᠎ᠠ ᠶᠢᠨ 1 ᠤ ᠡᠳᠦᠷ᠂ ᠬᠤᠷᠢᠨᠭᠡᠷ ᠰᠢᠶᠠᠨ ᠤ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠵᠣᠬᠢᠴᠠᠭᠤᠯᠤᠨ ᠵᠣᠯᠭᠠᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠵᠢᠴᠢ ᠰᠢᠨ᠎ᠡ ᠨᠢᠰᠬᠡᠯ ᠤᠨ ᠪᠠᠭᠤᠳᠠᠯ ᠤᠨ ᠭᠠᠵᠠᠷ ᠰᠢᠷᠣᠶ ᠶᠢᠨ ᠦᠯᠡᠳᠡᠭᠳᠡᠯ ᠤᠨ ᠠᠰᠠᠭᠤᠳᠠᠯ ᠤᠨ ᠲᠤᠬᠠᠶ ᠲᠠᠨᠢᠯᠴᠠᠭᠤᠯᠵᠤ᠂ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠨᠥᠬᠦᠳ ᠰᠢᠪᠠᠷᠲᠠᠢ ᠬᠦᠴᠦᠳᠡᠯ ᠥᠭᠡᠷᠡᠴᠢᠯᠡᠬᠦ ᠥᠷᠲᠡᠭᠡᠨ ᠤ 110KV ᠱᠤᠭᠤᠮ ᠤᠨ ᠭᠠᠵᠠᠷ ᠡᠵᠡᠯᠡᠬᠦ ᠲᠤᠬᠠᠶ ᠤᠴᠢᠷ ᠶᠠᠪᠤᠳᠠᠯ ᠢ ᠲᠠᠨᠢᠯᠴᠠᠭᠤᠯᠵᠠᠶ᠃ ᠬᠤᠷᠠᠯ ᠠᠴᠠ ᠬᠤᠯᠪᠣᠭᠳᠠᠯ ᠪᠦᠬᠦᠢ ᠠᠵᠢᠯ ᠤᠨ ᠠᠰᠠᠭᠤᠳᠠᠯ ᠤᠨ ᠲᠤᠬᠠᠢ ᠵᠦᠢᠯ ᠳᠠᠷᠠᠭᠠᠯᠠᠨ ᠭᠦᠨᠵᠡᠭᠡᠢ ᠶᠠᠷᠢᠯᠴᠠᠬᠤ ᠶᠢᠨ ᠬᠠᠮᠲᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠠᠢ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ ᠡᠯ᠎ᠡ ᠵᠦᠢᠯ ᠤᠨ ᠪᠣᠳᠠᠲᠠᠢ ᠠᠵᠢᠯ ᠢᠶᠠᠨ ᠦᠷᠭᠦᠯᠵᠢᠯᠡᠨ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠠᠬᠢᠭᠤᠯᠵᠤ᠂ ᠬᠤᠪᠢᠶᠠᠷᠢᠯᠠᠭᠰᠠᠨ ᠠᠵᠢᠯ ᠤᠨ ᠡᠭᠦᠷᠭᠡ ᠪᠠᠨ ᠬᠦᠴᠦ ᠪᠠᠨ ᠲᠥᠪᠯᠡᠷᠡᠭᠦᠯᠦᠨ ᠴᠠᠭ ᠲᠤᠬᠠᠢ ᠳᠤᠨᠢ ᠰᠠᠶᠢᠲᠤᠷ ᠪᠡᠶᠡᠯᠡᠭᠦᠯᠬᠦ ᠶᠢᠨ ᠬᠠᠮᠲᠤ ᠬᠤᠭᠤᠷᠣᠨᠳᠣ ᠪᠠᠨ ᠢᠳᠡᠪᠬᠢᠲᠡᠢ ᠬᠠᠮᠵᠢᠯᠴᠠᠵᠤ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠰᠢᠨ᠎ᠡ ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠤᠷᠢᠨᠭᠡᠷ ᠰᠢᠶᠠᠨ ᠤ ᠬᠢᠨ ᠰᠢᠨ᠎ᠡ ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠡᠯ᠎ᠡ ᠲᠦᠷᠦᠯ ᠤᠨ ᠪᠦᠳᠦᠬᠡᠨ ᠪᠠᠶᠢᠭᠤᠯᠤᠯᠲᠠ ᠶᠢᠨ ᠡᠭᠦᠷᠭᠡ ᠶᠢᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠰᠢᠨ᠎ᠡ ᠨᠢᠰᠬᠡᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠥᠬᠡᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠵᠢᠯᠣᠭᠤᠳᠬᠤ ᠳᠠᠷᠤᠭ᠎ᠠ ᠯᠢ ᠹᠧᠩ᠂ ᠬᠥᠬᠡᠬᠤᠲᠠ ᠶᠢᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ᠂ ᠰᠢᠨ᠎ᠡ ᠨᠢᠰᠬᠡᠯ ᠤᠨ ᠪᠠᠭᠤᠳᠠᠯ ᠤᠨ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠤᠨ ᠳᠡᠳ᠋ ᠵᠢᠯᠣᠭᠤᠳᠬᠤ ᠳᠠᠷᠤᠭ᠎ᠠ ᠮᠠ ᠶᠦᠩ ᠬᠤᠸᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠵᠢᠴᠢ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠺᠣᠮᠫᠠᠨᠢ᠂ ᠰᠢᠨ᠎ᠡ ᠨᠢᠰᠬᠡᠯ ᠤᠨ ᠪᠠᠭᠤᠳᠠᠯ ᠤᠨ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠤᠨ ᠪᠤᠰᠤᠳ ᠬᠠᠮᠢᠶ᠎ᠠ ᠪᠥᠬᠦᠶ ᠪᠦᠷᠢᠯᠳᠦᠬᠦᠨ ᠬᠤᠷᠠᠯ ᠳᠤ ᠣᠷᠣᠯᠴᠠᠵᠠᠶ᠃     ᠰᠢᠶᠠᠨ ᠤ ᠳᠡᠳ᠋ ᠳᠠᠷᠤᠭ᠎ᠠ ᠵᠣᠣ ᠵᠢᠶᠠᠨ ᠴᠢᠩ᠂ ᠪᠠᠶ ᠬᠤᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠴᠣᠷᠵᠢ ᠶᠢᠨ ᠠᠶᠢᠯ ᠪᠠᠯᠭᠠᠰᠤ᠂ ᠨᠢᠰᠬᠡᠯ ᠤᠨ ᠪᠠᠭᠤᠳᠠᠯ ᠤᠨ ᠠᠯᠪᠠᠨ ᠬᠡᠷ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ