ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭ᠎ᠠ ᠶᠢᠨ ᠬᠤᠷᠠᠯ ᠵᠢᠴᠢ ᠤᠨᠤᠯ ᠤᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/10
3.9和林格尔县人民政府党组2023年第5次会议暨理论中心组集体学习会召开.jpg
      3 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠲᠠᠪᠤᠳᠤᠭᠠᠷ ᠳ᠋ᠤᠭᠠᠷ ᠤᠳᠠᠭᠠᠨ ᠤ ᠬᠤᠷᠠᠯ ᠵᠢᠴᠢ ᠣᠨᠣᠯ ᠤᠨ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠲᠥᠪ ᠤᠨ ᠨᠠᠮ ᠤᠨ ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠨᠢᠭᠡᠨ ᠵᠠᠳᠠᠭᠠᠶ ᠨᠡᠭᠦᠷᠡᠰᠦᠨ ᠠᠭᠤᠷᠬᠠᠶ ᠨᠤᠷᠠᠭᠰᠠᠨ ᠠᠳᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠠᠭᠤᠯᠭ᠎ᠠ ᠶᠢᠨ ᠲᠣᠪᠴᠢᠯᠠᠯ᠂ ᠡᠯ᠎ᠡ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠢ ᠳᠠᠮᠵᠢᠭᠤᠯᠤᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠥᠬᠦ ᠰᠢᠶᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠥᠬᠡᠶ ᠪᠠᠷᠢᠮᠲᠠᠯᠠᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠰᠢᠶᠠᠨ ᠤ ᠪᠠᠶᠢᠳᠠᠯ ᠤᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠤᠶᠠᠯᠳᠤᠯ ᠤᠨ ᠴᠡᠭ᠂ ᠭᠠᠷᠳᠠᠴᠠ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠤᠷ ᠲᠦᠪᠰᠢᠨ ᠲᠣᠭᠲᠠᠭᠤᠨ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠪᠡ᠃      ᠰᠢᠶᠠᠨ ᠤ ᠤᠳᠤᠷᠢᠳᠤᠯᠭ᠎ᠠ ᠸᠠᠩ ᠰᠢᠶᠤᠤ ᠮᠢᠩ᠂ ᠯᠢᠦᠶ ᠶᠣᠣ ᠯᠦᠩ᠂ ᠯᠢ ᠯᠢ᠂ ᠪᠠᠶ ᠬᠤᠤ᠂ ᠳ᠋ᠦ᠋ ᠰᠢᠶᠤᠤ ᠭᠤᠸᠠᠩ ᠬᠤᠷᠠᠯ ᠳᠤ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ