ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠮᠠᠨ ᠤ ᠰᠢᠶᠠᠨ ᠳᠤ ᠲᠡᠭᠦᠯᠳᠡᠷ ᠬᠤᠭᠤᠷ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/10
3.10内蒙古艺术学院向我县举行捐赠钢琴仪式.jpg
      3 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠮᠠᠨ ᠤ ᠰᠢᠶᠠᠨ ᠳᠤ ᠲᠡᠭᠦᠯᠳᠡᠷ ᠬᠤᠭᠤᠷ ᠬᠠᠨᠳᠢᠪᠯᠠᠬᠤ ᠶᠣᠰᠣᠯᠠᠯ ᠶᠠᠪᠤᠭᠳᠠᠪᠠ᠃ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠵᠣᠣ ᠰᠢᠶᠤᠤ ᠴᠢᠶᠠᠩ᠂ ᠰᠢᠶᠠᠨ ᠤ ᠳᠡᠳ᠋ ᠳᠠᠷᠤᠭ᠎ᠠ ᠯᠢᠦᠶ ᠶᠣᠣ ᠯᠦᠩ᠂ ᠪᠠᠶ ᠬᠤᠤ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠰᠢᠶᠠᠨ ᠤ ᠤᠯᠠᠭᠠᠨᠮᠥ᠋ᠴᠢᠷ ᠤᠨ ᠪᠥᠬᠦ ᠭᠡᠰᠢᠭᠦᠨ᠂ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠶᠣᠰᠣᠯᠠᠯ ᠳᠤ ᠣᠷᠣᠯᠴᠠᠪᠠ᠃      ᠶᠣᠰᠣᠯᠠᠯ ᠳᠤ᠂ ᠵᠤᠤ ᠰᠢᠶᠤᠤ ᠴᠢᠶᠠᠩ ᠲᠤᠰ ᠲᠤᠰ ᠰᠢᠶᠠᠨ ᠤ ᠤᠯᠠᠭᠠᠨᠮᠥ᠋ᠴᠢᠷ᠂ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠤᠶᠠᠷ ᠲᠡᠭᠦᠯᠳᠡᠷ ᠬᠤᠭᠤᠷ ᠪᠡᠯᠡᠭᠯᠡᠨ ᠬᠦᠷᠭᠡᠭᠰᠡᠨ ᠪᠥᠭᠡᠳ ᠪᠠᠢ ᠬᠤᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠲᠤᠰ ᠲᠤᠰ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ ᠪᠡᠯᠡᠭᠯᠡᠨ ᠬᠦᠷᠭᠡᠭᠰᠡᠨ ᠦᠨᠡᠮᠯᠡᠯ ᠣᠯᠭᠤᠵᠠᠢ᠃ ᠶᠣᠰᠣᠯᠠᠯ ᠲᠡᠭᠦᠰᠦᠭᠰᠡᠨ ᠤ ᠲᠠᠷᠠᠭ᠎ᠠ᠂ ᠵᠤᠤ ᠰᠢᠶᠤᠤ ᠴᠢᠶᠠᠩ ᠨᠠᠷ ᠪᠠᠰᠠ ᠬᠤᠷᠢᠨᠭᠡᠷ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠤᠷᠠᠯᠢᠭ ᠤᠨ ᠠᠰᠠᠷ ᠢ ᠲᠣᠭᠤᠷᠢᠨ ᠦᠵᠡᠪᠡ᠃      ᠲᠣᠰ ᠤᠳᠠᠭᠠᠨ ᠤ ᠲᠡᠭᠦᠯᠳᠡᠷ ᠬᠤᠭᠤᠷ ᠬᠠᠨᠳᠢᠪᠯᠠᠬᠤ ᠶᠣᠰᠣᠯᠠᠯ ᠨᠢ ᠬᠤᠶᠠᠷ ᠲᠠᠯ᠎ᠠ ᠶᠢᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ᠂ ᠰᠤᠷᠭᠠᠭᠤᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠳᠤ ᠰᠠᠶᠢᠨ ᠰᠠᠭᠤᠷᠢ ᠲᠠᠯᠪᠢᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠪᠦᠲᠦᠮᠵᠢᠲᠡᠶ ᠠᠬᠢᠭᠤᠯᠬᠤ ᠪᠣᠯᠤᠨ᠎ᠠ᠃ ᠡᠭᠦᠨ ᠤ ᠵᠡᠷᠭᠡᠪᠡᠷ᠂ ᠬᠤᠶᠠᠷ ᠲᠠᠯ᠎ᠠ ᠪᠠᠷ ᠢᠶᠠᠨ ᠬᠤᠷᠢᠨᠭᠡᠷ ᠰᠢᠶᠠᠨ ᠪᠣᠯᠤᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠠᠭᠰᠢ ᠶᠢ ᠪᠣᠯᠪᠠᠰᠤᠷᠠᠭᠤᠯᠬᠤ᠂ ᠲᠤᠰᠢᠶᠠᠯ ᠡᠭᠦᠷᠭᠡᠯᠡᠭᠦᠯᠦᠨ ᠰᠣᠯᠢᠯᠴᠠᠬᠤ᠂ ᠬᠠᠮᠲᠤᠷᠠᠨ ᠰᠤᠷᠭᠠᠭᠤᠯᠢ ᠡᠷᠬᠢᠯᠡᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢ ᠴᠢᠨᠠᠭᠰᠢᠳᠠ ᠠᠬᠢᠭᠤᠯᠵᠤ᠂ ᠬᠤᠷᠢᠨᠭᠡᠷ ᠰᠢᠶᠠᠨ ᠤ ᠰᠣᠶᠣᠯ ᠵᠢᠭᠤᠯᠴᠢᠯᠠᠯ ᠤᠨ ᠦᠢᠯᠡᠰ ᠪᠣᠯᠤᠨ ᠰᠤᠷᠭᠠᠨ ᠬᠥᠮᠦᠵᠢᠯ ᠤᠷᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠶᠢ ᠬᠦᠰᠡᠭᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ