ᠪᠣᠣ ᠭᠠᠩ ᠮᠠᠨ ᠤ ᠬᠤᠳᠠ ᠶᠢᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠣᠯᠣᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/10
      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 9 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠮᠠᠨ ᠤ ᠬᠤᠳᠠ ᠶᠢᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠣᠯᠣᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠪᠣᠣ ᠭᠠᠩ ᠤᠷᠢᠳ ᠬᠤᠵᠢᠳ ᠱᠤᠸᠠᠩ ᠱᠤ᠋ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠺᠠᠢ ᠲᠠᠢ ᠵᠠᠬ᠎ᠠ ᠳᠡᠯᠭᠡᠭᠦᠷ᠂ ᠵᠢᠷᠭᠤᠳᠤᠭᠠᠷ ᠳᠤᠮᠳᠠᠳᠤ ᠰᠤᠷᠭᠠᠭᠤᠯᠢ ᠨᠡᠶᠢᠭᠡᠮ ᠲᠣᠭᠤᠷᠢᠭ᠂ ᠹᠦ᠋ ᠶᠤᠸᠠᠨ ᠮᠢᠩ ᠵᠢᠦᠢ ᠬᠤᠷᠢᠶᠠᠯᠠᠯ᠂ ᠲᠡᠮᠦᠷ ᠵᠠᠮ ᠤᠨ ᠬᠤᠷᠢᠶᠠᠯᠠᠯ᠂ ᠵᠦᠩ ᠱᠠᠨ ᠵᠠᠮ ᠤᠨ ᠬᠤᠳᠠᠯᠳᠤᠭᠠᠨ ᠤ ᠲᠣᠭᠤᠷᠢᠭ ᠲᠤ ᠬᠦᠷᠴᠦ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ᠂ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠬᠠᠮᠢᠶᠠᠷᠤᠯᠲᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠪᠣᠯᠣᠨ ᠬᠤᠳᠠᠯᠳᠤᠭᠠᠨ ᠤ ᠵᠡᠭᠡᠯᠢ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠰᠢᠢᠳᠪᠦᠷᠢᠯᠡᠪᠡ᠃      ᠪᠣᠣ ᠭᠠᠩ ᠬᠡᠯᠡᠬᠦ ᠳᠡᠭᠡᠨ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠣᠯ ᠨᠢᠭᠡ ᠵᠦᠢᠯ ᠤᠨ ᠰᠢᠰᠲ᠋ᠧᠮᠲᠦ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ᠂ ᠤᠷᠳᠤ ᠬᠤᠭᠤᠴᠠᠭᠠᠨ ᠤ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠨᠠᠷᠢᠯᠢᠭ ᠪᠠᠶᠢᠬᠤ ᠨᠢ ᠬᠠᠮᠤᠭ ᠴᠢᠬᠤᠯᠠ᠂ ᠬᠤᠸᠠᠷ ᠬᠠᠳᠬᠤᠬᠤ ᠴᠢᠷᠮᠠᠶᠢᠯᠭ᠎ᠠ ᠪᠠᠶᠢᠬᠤ ᠬᠡᠷᠡᠭᠲᠡᠢ᠃ ᠮᠡᠳᠡᠭᠡ ᠵᠠᠩᠭᠢᠵᠢᠯᠲᠠ᠂ ᠣᠶᠤᠨᠴᠢᠯᠠᠭᠰᠠᠨ ᠠᠷᠭ᠎ᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠰᠢᠨᠡᠴᠢᠯᠡᠯᠲᠡ ᠲᠠᠢ ᠤᠶᠠᠯᠳᠤᠭᠤᠯᠤᠨ᠂ ᠬᠠᠭᠤᠴᠢᠨ ᠬᠤᠷᠢᠶᠠᠯᠠᠯ ᠢ ᠶᠡᠷᠦᠩᠬᠡᠶᠢᠯᠡᠨ ᠰᠢᠨᠡᠴᠢᠯᠡᠨ ᠥᠭᠡᠷᠡᠴᠢᠯᠡᠬᠦ ᠠᠵᠢᠯ ᠢ ᠲᠦᠷᠭᠡᠨ ᠰᠠᠶᠢᠲᠤᠷ ᠬᠢᠵᠦ᠂ ᠬᠤᠷᠢᠶᠠᠯᠠᠯ ᠤᠨ ᠠᠳᠠᠯ ᠠᠬᠤᠢ ᠶᠢᠨ ᠦᠢᠯᠡᠴᠢᠯᠡᠭᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠠᠷᠠᠳ ᠤᠨ ᠲᠡᠷᠭᠡ ᠵᠣᠭᠰᠣᠭᠠᠬᠤ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠡᠳᠬᠢᠯ ᠳᠤ ᠲᠠᠭᠠᠯᠠᠭᠳᠠᠭᠰᠠᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠣᠶᠤᠨᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ᠂ ᠰᠢᠭᠤᠳ ᠰᠢᠯᠤᠭᠤᠨ᠂ ᠳᠥᠭᠦᠮ ᠳᠥᠲᠡ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠬᠤᠳᠠ ᠶᠢᠨ ᠵᠢᠵᠢᠭ ᠵᠡᠭᠡᠯᠢ ᠭᠤᠳᠤᠮᠵᠢ᠂ ᠬᠤᠳᠠ ᠶᠢᠨ ᠳᠤᠮᠳᠠᠬᠢ ᠲᠣᠰᠬᠤᠨ᠂ ᠬᠤᠳᠠ ᠶᠢᠨ ᠲᠡᠬᠦᠷᠭᠡ ᠶᠢᠨ ᠠᠭᠤᠯᠵᠠᠷ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠳᠤ ᠠᠩᠬᠠᠷᠤᠯ ᠢᠶᠠᠨ ᠬᠠᠨᠳᠤᠭᠤᠯᠵᠤ᠂ ᠬᠠᠮᠢᠶᠠᠷᠤᠯᠲᠠ ᠶᠢᠨ ᠪᠠᠷᠢᠮᠵᠢᠶ᠎ᠠ ᠳᠣᠣᠷ᠎ᠠ᠂ ᠡᠷᠡᠭᠦᠯ ᠬᠠᠮᠠᠭᠠᠯᠠᠯ ᠤᠨ ᠶᠠᠰᠤ ᠴᠢᠨᠠᠷ ᠠᠨᠠᠢ᠂ ᠰᠠᠭᠤᠷᠢ ᠲᠥᠬᠦᠭᠡᠷᠦᠮᠵᠢ ᠲᠡᠭᠦᠯᠳᠡᠷ ᠪᠤᠰᠤ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠬᠤᠳᠠ ᠶᠢᠨ ᠬᠠᠮᠤᠭ ᠤᠨ ᠴᠢᠬᠤᠯᠠ ᠨᠢ ᠬᠥᠮᠥᠨ ᠪᠣᠯᠣᠨ᠎ᠠ᠂ ᠪᠢᠳᠠᠨ ᠤ ︽ᠲᠠᠪᠤᠨ ᠲᠣᠬᠢᠷᠠᠮᠵᠢᠲᠠᠢ︾ ᠬᠤᠳᠠ ᠶᠢ ᠪᠦᠲᠦᠭᠡᠨ ᠪᠠᠶᠢᠭᠤᠯᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢᠨ ᠲᠡᠰ ᠢ ᠦᠷᠭᠦᠯᠵᠢᠯᠡᠨ ᠳᠡᠭᠡᠭᠰᠢᠯᠡᠭᠦᠯᠵᠦ ᠪᠠᠶᠢᠭ᠎ᠠ ᠨᠢ ᠳᠠᠷᠤᠢ ᠬᠥᠮᠥᠰ ᠤᠨ ᠡᠨᠡ ᠬᠤᠳᠠ ᠳᠤ ᠨᠡᠩ ᠲᠦᠭᠦᠮ᠂ ᠨᠡᠩ ᠲᠠᠭᠠᠲᠠᠢ᠂ ᠨᠡᠩ ᠰᠠᠶᠢᠨ ᠰᠠᠶᠢᠬᠠᠨ ᠠᠮᠢᠳᠤᠷᠠᠬᠤ ᠶᠢ ᠬᠦᠰᠡᠵᠦ ᠪᠠᠶᠢᠭ᠎ᠠ ᠶᠠᠪᠤᠳᠠᠯ ᠪᠣᠯᠣᠨ᠎ᠠ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢᠨ ᠤᠭ ᠰᠠᠨᠠᠭ᠎ᠠ ᠪᠠ ᠵᠣᠷᠢᠯᠭ᠎ᠠ ᠶᠢ ᠭᠦᠨᠵᠡᠭᠡᠢ ᠣᠶᠢᠯᠠᠭᠠᠵᠤ᠂ ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠡᠭᠦᠳᠦᠨ ᠪᠠᠶᠢᠭᠤᠯᠵᠤ ᠠᠷᠠᠳ ᠲᠤ ᠠᠰᠢᠭ ᠬᠦᠷᠲᠡᠭᠡᠬᠦ᠂ ᠡᠭᠦᠳᠦᠨ ᠪᠠᠶᠢᠭᠤᠯᠬᠤ ᠳᠤ ᠠᠷᠠᠳ ᠲᠤ ᠲᠦᠰᠢᠭᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠡᠵᠡᠨ ᠬᠥᠮᠥᠨ ᠤ ᠤᠬᠠᠮᠰᠠᠷ ᠢ ᠬᠥᠭᠵᠢᠭᠡᠵᠦ᠂ ᠨᠡᠩ ᠤᠯᠠᠨ ᠤᠯᠠᠨ ᠲᠦᠮᠡᠨ ᠢ ᠲᠠᠶᠢᠴᠢᠯᠠᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠣᠷᠣᠯᠴᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠰᠢᠨ᠎ᠡ᠂ ᠯᠢᠦ ᠵᠢᠢ ᠶᠢᠩ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ