ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 86 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/13
中共清水河县第十五届委员会常委会第86次(扩大)会议召开.jpg
      3 ᠳ᠋ᠤᠭᠠᠷ ᠰᠠᠷ᠎ᠠ ᠶᠢᠨ 9 ᠤ ᠡᠳᠦᠷ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 86 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠰᠢᠶᠠᠨ ᠤ ᠨᠠᠮ ᠤᠨ ᠰᠤᠷᠲᠠᠯ ᠤᠨ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭᠠᠨ ᠤ ᠬᠤᠷᠠᠯ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠤᠯᠴᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠳᠤ ᠣᠷᠣᠯᠴᠠᠭᠰᠠᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠠᠷᠠᠳᠴᠢᠯᠠᠭᠰᠠᠨ ᠨᠠᠮ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠲᠡᠭᠡᠳ ᠢ ᠡᠷᠭᠢᠨ ᠲᠣᠭᠤᠷᠢᠬᠤ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠤᠨ ᠪᠥᠬᠦ ᠤᠯᠤᠰ᠂ ᠪᠥᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠬᠥᠮᠦᠵᠢᠯ ᠴᠡᠭᠴᠡᠯᠡᠯᠲᠡ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠯᠪᠠᠨ ᠲᠢᠩᠬᠢᠮ ᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠭᠬᠤᠯᠠᠴᠢᠯᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠭᠤᠣᠯᠳᠠᠯᠭ᠎ᠠ ᠲᠠᠢ ᠡᠭᠦᠷᠭᠡ ᠪᠣᠯᠣᠨ ᠦᠨᠳᠦᠰᠦᠨ ᠵᠠᠷᠴᠢᠮ ᠢ ᠣᠨᠣᠪᠴᠢᠲᠠᠢ ᠡᠵᠡᠮᠳᠡᠬᠦ ᠬᠡᠷᠡᠭᠲᠡᠢ᠃ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠬᠤ ᠳᠤᠮᠳᠠ ᠬᠥᠭᠵᠢᠯᠲᠡ ᠶᠢᠨ ᠬᠥᠳᠡᠯᠭᠡᠭᠦ ᠬᠦᠴᠦᠨ ᠢ ᠬᠦᠴᠦᠯᠡᠨ ᠴᠢᠩᠭᠠᠳᠬᠠᠵᠤ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠲᠤᠰ ᠲᠤᠰ ᠤᠨ ᠬᠦᠷᠢᠶᠡᠨ ᠳᠡᠭᠡᠨ ᠵᠣᠷᠢᠭᠲᠠᠢ ᠪᠠᠷ ᠰᠢᠨ᠎ᠡ ᠶᠢ ᠡᠭᠦᠳᠴᠦ᠂ ᠳᠠᠪᠠᠭᠤᠯᠢᠭ ᠡᠬᠢ ᠪᠠᠶᠠᠯᠢᠭ ᠢ ᠴᠢᠨᠠᠭᠰᠢᠳᠠ ᠨᠡᠶᠢᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ᠂ ᠪᠦᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠥᠮᠦᠵᠢᠯ ᠴᠡᠭᠴᠡᠯᠡᠯᠲᠡ ᠥᠷᠨᠢᠭᠦᠯᠬᠦ ᠵᠠᠷᠴᠢᠮ ᠤᠨ ᠱᠠᠭᠠᠷᠳᠠᠯᠭ᠎ᠠ᠂ ᠠᠵᠢᠯ ᠤᠨ ᠱᠠᠭᠠᠷᠳᠠᠯᠭ᠎ᠠ᠂ ᠬᠠᠷᠠᠯᠲᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠠᠮᠤᠭ ᠤᠨ ᠢᠯᠡ ᠲᠣᠳᠣᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ᠂ ᠬᠠᠮᠤᠭ ᠤᠨ ᠡᠷᠡᠰ ᠰᠢᠭᠤᠷᠬᠠᠢ ᠠᠵᠢᠯᠯᠠᠭ᠎ᠠ ᠪᠠᠷ︽ᠬᠤᠶᠠᠷ ᠨᠢᠭᠤᠷᠳᠠᠨ︾ ᠢ ᠡᠷᠡᠰ ᠪᠠᠶᠢᠴᠠᠭᠠᠨ ᠰᠢᠢᠳᠪᠦᠷᠢᠯᠡᠵᠦ᠂ ︽ᠳ᠋ᠧᠩ ᠤᠨ ᠳᠣᠣᠷ᠎ᠠ ᠬᠠᠷᠠᠩᠭᠤᠢ︾ᠪᠣᠯᠬᠤ ᠶᠢ ᠡᠷᠡᠰ ᠰᠡᠷᠭᠡᠶᠢᠯᠡᠬᠦ ᠬᠡᠷᠡᠭᠲᠡᠢ᠃ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠦᠵᠡᠵᠦ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠠᠵᠢᠯ ᠢ ᠪᠠᠬᠢᠵᠢᠭᠦᠯᠦᠨ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠠᠷᠮᠠᠢ ᠶᠢ ᠪᠠᠶᠢᠭᠤᠯᠬᠤ ᠬᠡᠷᠡᠭᠲᠡᠢ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠰᠤᠷᠲᠠᠯ ᠲᠥᠪ ᠰᠤᠷᠲᠠᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠦᠬᠦ ᠰᠢᠶᠠᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠥᠪᠡᠷ ᠢ ᠪᠠᠨ ᠪᠠᠶᠢᠴᠠᠭᠠᠬᠤ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠭᠤᠭᠤᠯᠬᠤ ᠶᠢ ᠰᠠᠶᠢᠲᠤᠷ ᠬᠢᠵᠦ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠶᠢᠴᠠᠭᠠᠯᠲᠠ ᠶᠢ ᠤᠭᠲᠤᠬᠤ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ