ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/13
      ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯᠯᠠᠭ᠎ᠠ ᠶᠢ ᠦᠨᠡᠨᠬᠦ ᠴᠢᠩᠭᠠᠳᠬᠠᠵᠤ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠰᠤᠷᠤᠯᠴᠠᠨ ᠤᠬᠠᠭᠤᠯᠬᠤ ᠶᠢ ᠥᠷᠭᠡᠨ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠬᠤ ᠶᠢᠨ ᠲᠤᠰᠠᠳᠠ᠂ 3 ᠰᠠᠷ᠎ᠠ ᠶᠢᠨ 9 ᠤ ᠡᠳᠦᠷ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠠᠶᠢᠴᠢᠳ ᠲᠣᠰᠬᠤᠨ ᠳᠤ ᠬᠦᠷᠴᠦ ︽︿ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ﹀ ᠶᠢ ᠬᠡᠷᠡᠭᠵᠢᠭᠦᠯᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠬᠠᠤᠯᠢ ᠶᠣᠰᠣᠭᠠᠷ ᠴᠢᠩᠭ᠎ᠠ ᠰᠢᠢᠳᠬᠡᠬᠦ﹀ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ︽ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠬᠠᠤᠯᠢ ︾ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠯᠠᠪᠯᠠᠭ᠎ᠠ ᠥᠭᠬᠦ ᠲᠠᠪᠴᠠᠩ ᠭᠠᠷᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠬᠠᠤᠯᠢ ᠲᠣᠭᠲᠠᠭᠠᠬᠤ ᠵᠣᠷᠢᠯᠭ᠎ᠠ᠂ ᠴᠢᠬᠤᠯᠠ ᠶᠡᠭᠡ ᠠᠴᠢ ᠬᠤᠯᠪᠣᠭᠳᠠᠯ᠂ ᠭᠤᠣᠯᠳᠠᠯᠭ᠎ᠠ ᠲᠠᠢ ᠠᠭᠤᠯᠭ᠎ᠠ᠂ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠭᠠᠳᠠᠭᠠᠳᠤ ᠣᠨᠴᠠᠯᠢᠭ᠂ ᠬᠡᠷᠡᠭ ᠬᠢᠬᠦ ᠠᠷᠭ᠎ᠠ ᠪᠠᠷᠢᠯ᠂ ᠢᠯᠡᠷᠡᠬᠦ ᠬᠡᠯᠪᠡᠷᠢ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠤᠯᠠᠨ ᠲᠦᠮᠡᠨ ᠳᠤ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠢᠯᠠᠩᠭᠤᠶ᠎ᠠ ᠬᠠᠷ᠎ᠠ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠶᠢᠨ ᠬᠤᠣᠷ ᠬᠦᠨᠦᠭᠡᠯᠲᠦ ᠴᠢᠨᠠᠷ ᠢ ᠦᠵᠡᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠲᠠᠨᠢᠭᠤᠯᠬᠤ ᠶᠢᠨ ᠬᠠᠮᠲᠤ ᠲᠡᠭᠦᠨ ᠠᠴᠠ ᠵᠠᠶᠢᠳᠠᠭᠤᠯᠬᠤ ᠶᠢᠨ ᠬᠠᠮᠲᠤ ᠤᠯᠠᠨ ᠲᠦᠮᠡᠨ ᠢ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠬᠠᠮᠲᠤ ᠪᠠᠷ ᠨᠢᠭᠲᠠᠷᠠᠭᠤᠯᠪᠠ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠯᠲᠠ ᠳᠤ 10 ᠭᠠᠷᠤᠶ ᠤᠳᠠᠭ᠎ᠠ ᠬᠠᠷᠢᠭᠤᠯᠲᠠ ᠥᠭᠴᠦ᠂ ᠣᠯᠠᠨ ᠲᠦᠮᠡᠨ ᠤ ᠬᠠᠷ᠎ᠠ ᠬᠠᠷᠭᠢᠰ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ