︵ᠰᠤᠷᠪᠤᠯᠵᠢᠯᠠᠭᠴᠢ ᠶᠦᠨ ᠵᠢᠩ︶ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | 2023 ᠣᠨ ᠤ ᠬᠥᠭᠵᠢᠯᠲᠡ ᠶᠢᠨ ᠰᠡᠳᠬᠢᠴᠡ ᠪᠣᠯᠣᠨ ᠠᠵᠢᠯ ᠤᠨ ᠠᠷᠭ᠎ᠠ ᠬᠡᠮᠵᠢᠶ᠎ᠡ ᠶᠢ ᠰᠣᠨᠣᠰᠤᠭᠰᠠᠨ ᠤ ᠳᠠᠷᠠᠭ᠎ᠠ ᠪᠠᠷ᠂ 3 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ | ᠬᠤᠷᠠᠯᠳᠤᠭᠤᠯᠵᠤ᠂ ᠨᠡᠭᠡᠭᠡᠯᠲᠡ ᠶᠢᠨ ᠲᠣᠭᠤᠷᠢᠭ ᠪᠣᠯᠣᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠠᠵᠤ ᠦᠢᠯᠡᠰ ᠤᠨ ᠲᠥᠯᠦᠪᠵᠢᠭᠦᠯᠭᠡ᠂ ᠲᠦᠷᠦᠯ ᠵᠦᠢᠯ ᠤᠨ | ᠬᠡᠷᠡᠭᠵᠢᠭᠦᠯᠦᠯᠲᠡ᠂ ᠬᠦᠴᠦᠨ ᠵᠦᠢᠯ ᠤᠨ ᠪᠠᠲᠤᠯᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠰᠡᠳᠬᠢᠴᠡ ᠠᠷᠭ᠎ᠠ ᠬᠡᠮᠵᠢᠶ᠎ᠡ ᠶᠢᠨ ᠬᠠᠷᠢᠭᠤ | ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ᠂ ᠨᠡᠭᠡᠭᠡᠯᠲᠡ ᠶᠢᠨ ᠲᠣᠭᠤᠷᠢᠭ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠭᠤᠣᠯ ᠳᠠᠶᠢᠨ ᠤ ᠲᠠᠯᠠᠪᠤᠷ︾ ᠪᠣᠯᠣᠨ᠎ᠠ᠂ ᠨᠡᠭᠡᠭᠡᠯᠲᠡ ᠶᠢᠨ | ᠲᠣᠭᠤᠷᠢᠭ ᠢ ᠬᠦᠴᠦᠷᠬᠡᠭᠵᠢᠭᠦᠯᠪᠡᠯ ᠰᠠᠶ᠋ᠢ ᠣᠷᠣᠨ ᠤ ᠲᠥᠪ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠤᠯᠠᠮ ᠠᠴᠠ ᠤᠯᠠᠮ ᠶᠡᠬᠡᠳᠴᠦ᠂ ᠬᠥᠭᠵᠢᠯᠲᠡ ᠶᠢᠨ ᠬᠠᠨᠳᠤᠰᠢ | ᠤᠯᠠᠮ ᠠᠴᠠ ᠤᠯᠠᠮ ᠰᠠᠶᠢᠵᠢᠷᠠᠵᠤ ᠴᠢᠳᠠᠨ᠎ᠠ᠃ ᠡᠯ᠎ᠡ ᠨᠡᠭᠡᠭᠡᠯᠲᠡ ᠶᠢᠨ ᠲᠣᠭᠤᠷᠢᠭ ᠤᠨ ᠬᠢᠨ ᠠᠮᠢ ᠴᠦᠯᠡᠨ ᠲᠡᠮᠡᠴᠡᠬᠦ ᠤᠬᠠᠮᠰᠠᠷ ᠢᠶᠠᠨ ᠴᠢᠩᠭᠠᠳᠬᠠᠵᠤ᠂ ᠵᠣᠷᠢᠭᠲᠠᠢ ᠪᠠᠷ ᠬᠢᠬᠦ | ᠰᠥᠰᠥ ᠵᠣᠷᠢᠭ ᠢᠶᠠᠷ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠢᠳᠠᠮᠠᠭᠠᠢ ᠪᠠᠷ ᠬᠢᠬᠦ ᠴᠢᠳᠠᠪᠤᠷᠢ ᠪᠠᠨ ᠪᠣᠯᠪᠠᠰᠤᠷᠠᠭᠤᠯᠵᠤ᠂ ᠨᠠᠶᠢᠳᠠᠪᠤᠷᠢᠵᠢᠭᠤᠯᠤᠯᠲᠠ ᠶᠢᠨ ᠦᠷ᠎ᠡ | ᠪᠦᠲᠦᠮᠵᠢ ᠪᠠᠨ ᠨᠡᠮᠡᠭᠳᠡᠭᠦᠯᠵᠦ᠂ ᠪᠣᠳᠠᠲᠠᠢ ᠠᠵᠢᠯᠯᠠᠵᠤ᠂ ᠡᠮᠦᠨ᠎ᠡ ᠨᠢ ᠶᠠᠪᠤᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ︽ᠰᠢᠨ᠎ᠡ ᠮᠠᠲ᠋ᠧᠷᠢᠶᠠᠯ ᠪᠠ ᠲᠣᠨᠤᠭ | ᠲᠥᠬᠦᠭᠡᠷᠦᠮᠵᠢ ᠦᠶᠯᠡᠳᠬᠦ᠂ ᠣᠳᠣᠬᠢᠴᠢᠯᠠᠭᠰᠠᠨ ᠠᠵᠤ ᠦᠢᠯᠡᠳᠪᠦᠷᠢ︾ ᠭᠡᠬᠦ ᠬᠤᠶᠠᠷ ᠲᠣᠮᠣ ᠠᠵᠤ ᠦᠢᠯᠡᠰ ᠤᠨ ᠪᠥᠭᠡᠮᠨᠡᠷᠡᠯ᠂ ᠵᠦᠩ ᠬᠤᠸᠠᠨ ᠪᠠ ᠳᠤᠮᠳᠠᠳᠤ ᠤᠯᠤᠰ ᠤᠨ | ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠶᠠᠷ ᠲᠣᠮᠣ ᠲᠣᠯᠣᠭᠠᠶᠢᠯᠠᠭᠴᠢ ᠠᠵᠤ ᠠᠬᠤᠶᠢᠯᠠᠯ ᠤᠨ ᠲᠣᠭᠤᠷᠢᠨ ᠳᠤ᠂ | ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠮᠢᠩᠭᠠᠨ ᠳ᠋ᠦᠩᠰᠢᠭᠤᠷ ᠲᠠᠰ︾ | ᠤᠨ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ᠃ ᠴᠡᠯᠡᠭᠡᠷ ᠲᠠᠯ᠎ᠠ ᠶᠢᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ᠢᠯᠢ ᠶᠢᠨ ᠤᠳᠤ ᠦᠶ᠎ᠡ ᠶᠢᠨ | ᠣᠶᠤᠨᠲᠤ ᠡᠷᠡᠭᠦᠯ ᠮᠡᠨᠳᠤ ᠶᠢᠨ ᠬᠥᠨᠳᠡᠢ ᠶᠢᠨ ᠲᠣᠭᠤᠷᠢᠨ ᠳᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠲᠡᠷᠢᠭᠦᠨ ᠤ | ᠦᠢᠯᠡᠳᠬᠦ ᠦᠢᠯᠡᠰ ᠤᠨ ᠪᠥᠭᠡᠮᠨᠡᠷᠡᠯ ᠵᠡᠷᠭᠡ ᠳᠤᠯᠤᠭᠠᠨ ᠲᠣᠮᠣ ︽ᠤᠯᠤᠰ ᠦᠰᠦᠭ ᠲᠠᠢ ᠲᠡᠮᠳᠡᠭ︾ ᠢ ᠰᠠᠶᠢᠲᠤᠷ ᠬᠡᠷᠡᠭᠯᠡᠵᠦ᠂ ᠰᠢᠩᠭᠡᠨ ᠰᠦ ᠶᠢᠨ ᠭᠤᠷᠪᠠᠳᠤᠭᠠᠷ ᠬᠤᠭᠤᠴᠠᠭ᠎ᠠ᠂ | ᠪᠢᠰᠢᠯᠠᠭ ᠤᠨ ᠦᠢᠯᠡᠳᠪᠦᠷᠢ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ᠂ ᠣᠶᠤᠨᠲᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠵᠡᠷᠭᠡ ᠳᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠰᠦ ᠶᠢᠨ ᠠᠵᠤ ᠦᠢᠯᠡᠰ ᠤᠨ ᠪᠦᠬᠦ ᠬᠡᠯᠬᠢᠶ᠎ᠡ ᠠᠭᠤᠰᠤᠯᠴᠠᠵᠤ᠂ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠬᠤ | ᠬᠡᠷᠡᠭᠲᠡᠢ᠃ ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠤᠨ ᠲᠣᠭᠤᠷᠢᠨ ᠳᠤ᠂ ᠰᠢᠰᠲ᠋ᠧᠮ ᠲᠠᠢ ᠪᠠᠷ ᠲᠥᠯᠥᠪᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠵᠤ ᠦᠢᠯᠡᠰ ᠤᠨ ᠬᠡᠪᠴᠢᠶ᠎ᠡ ᠪᠠᠷ ᠪᠠᠭ᠎ᠠ᠂ ᠬᠡᠯᠬᠢᠶ᠎ᠡ ᠪᠠᠷ ᠣᠬᠤᠷ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ | ᠃ ᠲᠣᠭᠲᠠᠬᠤ ᠴᠢᠩ ᠱᠦᠢ ᠾᠧ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ | ᠡᠮᠨᠡᠯᠭᠡ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠰᠠᠭᠤᠷᠢ ᠪᠠ ᠳᠠᠪᠠᠭᠤᠯᠢᠭ ᠤᠨ ᠲᠣᠭᠤᠷᠢᠨ ᠳᠤ᠂ ᠳ᠋ᠠ ᠲᠠᠩ ᠤᠨ ᠲᠣᠭᠲᠠᠬᠤ ᠶᠢᠨ ᠴᠠᠬᠢᠯᠭᠠᠨ ᠤ ᠦᠢᠯᠡᠳᠪᠦᠷᠢ᠂ ᠵᠢᠦ ᠲᠠᠢ | ᠂ ᠰᠢᠦᠢ ᠶᠠᠩ᠂ ᠶᠢᠨ ᠾᠧ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠡᠷᠴᠢᠮ ᠢᠶᠠᠨ ᠴᠢᠩᠭᠠᠷᠠᠭᠤᠯᠵᠤ᠂ ᠭᠤᠣᠯᠯᠠᠬᠤ ᠠᠵᠤ ᠦᠢᠯᠡᠰ ᠲᠣᠪᠣᠶᠢᠮ᠎ᠠ᠂ ᠣᠨᠴᠠᠯᠢᠭᠲᠤ ᠠᠵᠤ ᠦᠢᠯᠡᠰ ᠢᠯᠡ ᠲᠣᠳᠣ ᠲᠡᠷᠢᠭᠦᠨ ᠤ ᠬᠦᠷᠢᠶᠡᠯᠡᠩ ᠲᠣᠭᠤᠷᠢᠭ ᠢ ᠪᠠᠶᠢᠭᠤᠯᠬᠤ | ᠬᠡᠷᠡᠭᠲᠡᠢ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠨᠢ ᠬᠠᠭᠤᠴᠢᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ᠂ ᠦᠨᠡᠲᠦ ᠲᠡᠮᠦᠷᠯᠢᠭ ᠢ ᠨᠠᠷᠢᠯᠢᠭ ᠪᠣᠯᠪᠠᠰᠤᠷᠠᠭᠤᠯᠬᠤ᠂ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠶᠢᠨ ᠲᠣᠭᠤᠷᠢᠨ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠬᠦ ᠬᠡᠷᠡᠭᠲᠡᠢ᠃ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠲᠥᠯᠥᠪᠯᠡᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠠᠵᠤ | ᠦᠢᠯᠡᠰ ᠢ ᠲᠥᠯᠥᠪᠵᠢᠭᠦᠯᠬᠦ ᠪᠠ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢ ᠠᠬᠢᠭᠤᠯᠬᠤ ᠳᠤ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠶᠡᠭᠡ ᠪᠠᠶᠢᠷᠢᠰᠢᠯ | ᠲᠠᠢ ᠰᠢᠰᠲ᠋ᠧᠮᠲᠦ ᠴᠢᠨᠠᠷᠲᠠᠢ ᠪᠠᠷ ᠲᠥᠯᠥᠪᠵᠢᠭᠦᠯᠵᠦ᠂ ᠥᠨᠳᠥᠷ ᠭᠠᠷᠤᠭ᠎ᠠ ᠲᠠᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠤᠰᠤ᠂ ᠴᠠᠬᠢᠯᠭᠠᠨ᠂ ᠵᠠᠮ ᠵᠡᠷᠭᠡ | ᠰᠠᠭᠤᠷᠢ ᠲᠥᠬᠦᠭᠡᠷᠦᠮᠵᠢ ᠶᠢᠨ ᠲᠥᠬᠦᠷᠴᠢᠯᠡᠯᠲᠡ ᠶᠢ ᠲᠡᠭᠦᠯᠳᠡᠷᠵᠢᠭᠦᠯᠵᠦ᠂ ᠨᠡᠭᠡᠭᠡᠯᠲᠡ ᠶᠢᠨ ᠲᠣᠭᠤᠷᠢᠭ ᠤᠨ ᠲᠠᠲᠠᠬᠤ ᠬᠦᠴᠦᠨ ᠪᠠ ᠳᠠᠭᠠᠭᠠᠴᠠ ᠶᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠶᠡᠭᠡ ᠪᠠᠷ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠭᠠᠵᠠᠷ | ᠰᠢᠷᠣᠢ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠮᠢᠳᠤᠯᠢᠭ ᠪᠣᠯᠭᠠᠵᠤ᠂ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠰᠠᠶᠢᠲᠤᠷ ᠠᠳᠬᠤᠵᠤ᠂ ᠮᠦ ᠪᠦᠷᠢ ᠶᠢᠨ | ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠢ ᠲᠥᠯᠥᠪᠵᠢᠭᠦᠯᠦᠨ ᠲᠥᠷᠥᠯ ᠵᠦᠢᠯ ᠢ | ᠲᠥᠰᠥᠪᠯᠡᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠪᠣᠶᠢᠵᠢᠭᠤᠯᠤᠨ᠂ ᠮᠠᠨ ᠤ ᠬᠤᠲᠠ ᠶᠢᠨ ᠡᠯ᠎ᠡ ᠨᠡᠭᠡᠭᠡᠯᠲᠡ ᠶᠢᠨ ᠲᠣᠭᠤᠷᠢᠭ ᠢ ᠪᠥᠬᠦ ᠣᠷᠣᠨ ᠤ | ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠶᠢᠨ ᠲᠡᠷᠢᠭᠦᠨ ᠳᠤ ᠣᠷᠣᠭᠤᠯᠬᠤ ᠪᠠᠷ ᠦᠷᠭᠦᠯᠵᠢᠯᠡᠨ ᠴᠢᠷᠮᠠᠶᠢᠬᠤ ᠬᠡᠷᠡᠭᠲᠡᠢ ᠭᠡᠵᠡᠢ᠃ | ᠬᠤᠳᠠ ᠶᠢᠨ ᠤᠳᠤᠷᠢᠳᠤᠯᠭ᠎ᠠ ᠼᠦᠢ ᠵᠧᠨ ᠦ᠋᠂ ᠯᠢᠦ ᠵᠢᠢ ᠶᠢᠩ᠂ ᠸᠠᠩ ᠰᠢᠨ ᠢᠦᠢ᠂ ᠯᠢ ᠰᠢᠶᠣᠣ ᠶᠠᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |