︵ᠰᠤᠷᠪᠤᠯᠵᠢᠯᠠᠭᠴᠢ ᠯᠢᠶᠠᠩ ᠵᠢᠩ ᠱᠤ᠋︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ | ᠮᠠᠨ ᠤ ᠬᠤᠲᠠ ︽ᠣᠪᠣᠷ ᠰᠤᠷᠲᠠᠯ ᠢᠶᠠᠨ ᠥᠭᠡᠷᠡᠴᠢᠯᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ | ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠯᠠᠮᠰᠢᠯ ᠠᠰᠠᠭᠤᠳᠠᠯ᠂ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ | ᠪᠠᠶᠢᠭ᠎ᠠ ᠠᠰᠠᠭᠤᠳᠠᠯ ᠳᠤ ᠰᠠᠨᠠᠭ᠎ᠠ ᠪᠣᠯᠣᠨ ᠬᠦᠴᠦ ᠲᠠᠯᠪᠢᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠲᠦᠪᠡᠭᠲᠡᠢ ᠠᠰᠠᠭᠤᠳᠠᠯ ᠢ ᠴᠢᠷᠮᠠᠶᠢᠨ | ᠰᠢᠢᠳᠪᠦᠷᠢᠯᠡᠵᠦ᠂ ︽ᠣᠪᠣᠷ ᠰᠤᠷᠲᠠᠯ ᠢᠶᠠᠨ ᠥᠭᠡᠷᠡᠴᠢᠯᠡᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠲᠦᠷᠭᠡᠳᠬᠡᠵᠦ ᠭᠦᠶᠦᠯᠭᠡᠵᠦ ᠡᠬᠢᠯᠡᠪᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠣᠷᠴᠢᠨ ᠠᠬᠤᠢ ᠳᠠᠬᠢ ᠨᠥᠯᠥᠭᠡᠯᠡᠯ ᠤᠨ ᠦᠨᠡᠯᠡᠯᠲᠡ ᠶᠢᠨ ᠬᠢᠨᠠᠨ ᠵᠥᠪᠰᠢᠶᠡᠷᠡᠯᠲᠡ ᠳᠤ ︽ᠬᠤᠷᠳᠤᠳᠬᠠᠯ︾ ᠭᠠᠷᠭᠠᠪᠠ᠃ ᠣᠷᠴᠢᠨ | ᠠᠬᠤᠢ ᠳᠠᠬᠢ ᠨᠥᠯᠥᠭᠡᠯᠡᠯ ᠢ ᠦᠨᠡᠯᠡᠯᠲᠡ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠷᠴᠢᠨ ᠠᠬᠤᠢ ᠳᠠᠬᠢ | ᠨᠥᠯᠥᠭᠡᠯᠡᠯ ᠢᠶᠠᠷ ᠨᠡᠯᠢᠶᠡᠳ ᠬᠥᠩᠭᠡᠨ 662 ᠵᠦᠢᠯ ᠳᠤ ᠬᠠᠤᠯᠢ ᠲᠣᠭᠲᠠᠭᠠᠯ ᠶᠣᠰᠣᠭᠠᠷ ᠣᠷᠴᠢᠨ ᠠᠬᠤᠢ ᠳᠠᠬᠢ ᠨᠥᠯᠥᠭᠡᠯᠡᠯ ᠢ ᠦᠨᠡᠯᠡᠬᠦ ᠬᠠᠮᠢᠶᠠᠷᠤᠯᠲᠠ ᠠᠴᠠ ᠬᠡᠯᠲᠦᠷᠢᠭᠦᠯᠪᠡ᠃ | ᠲᠦᠷᠭᠡᠨ ᠬᠢᠨᠠᠵᠤ ᠲᠦᠷᠭᠡᠨ ᠰᠢᠢᠳᠪᠦᠷᠢᠯᠡᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠴᠠᠭ ᠢ ᠪᠠᠭᠠᠰᠬᠠᠵᠤ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠴᠠᠭ ᠢ 50% ᠠᠴᠠ ᠳᠡᠭᠡᠭᠰᠢ ᠪᠠᠭᠠᠰᠬᠠᠪᠠ᠃ ︽ᠵᠢᠷᠭᠤᠭᠠᠨ ᠲᠣᠮᠣ ᠠᠵᠤ ᠦᠢᠯᠡᠰ︾ ᠲᠤ ᠠᠩᠬᠠᠷᠤᠯ ᠢᠶᠠᠨ ᠬᠠᠨᠳᠤᠭᠤᠯᠵᠤ᠂ ᠬᠡᠯᠬᠢᠶ᠎ᠡ ᠶᠢ | ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠴᠢᠬᠤᠯᠠ ᠶᠡᠭᠡ ᠲᠥᠷᠥᠯ ᠵᠦᠢᠯ ᠳᠤ ᠰᠠᠭᠠᠳ ᠦᠭᠡᠢ | ᠨᠡᠪᠲᠡᠷᠡᠬᠦ ᠵᠠᠮ ᠨᠡᠭᠡᠭᠡᠵᠦ᠂ ᠬᠠᠤᠯᠢ ᠳᠤ ᠲᠣᠭᠲᠠᠭᠠᠭᠰᠠᠨ ᠢᠯᠡ ᠨᠡᠶᠢᠲᠡᠯᠡᠬᠦ ᠬᠤᠭᠤᠴᠠᠭᠠᠨ ᠳᠤ ᠮᠡᠷᠭᠡᠵᠢᠯ ᠤᠨ ᠦᠨᠡᠯᠡᠨ ᠵᠢᠱᠢᠯᠲᠡ ᠪᠠ ᠬᠢᠨᠠᠨ ᠬᠠᠷᠭᠤᠭᠤᠯᠤᠯᠲᠠ ᠶᠢ ᠵᠡᠷᠭᠡ ᠪᠠᠷ | ᠥᠷᠨᠢᠭᠦᠯᠦᠨ᠎ᠡ᠂ ᠵᠢᠱᠢᠶᠡᠯᠡᠪᠡᠯ᠂ ᠲᠣᠭᠲᠠᠬᠤ ᠰᠢᠶᠠᠨ ᠤ ᠶᠢᠨ ᠳ᠋ᠠ ᠸᠧᠢ ᠠᠮᠢᠳᠤ ᠪᠣᠳᠠᠰ ᠤᠨ ᠡᠮ ᠦᠶᠯᠡᠳᠬᠦ ᠦᠢᠯᠡᠳᠬᠦᠨ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ | ᠪᠠ ᠦᠴᠦᠸᠠᠨ ᠤ ᠾᠧᠦ ᠪᠥᠸᠧ ᠽᠢ ᠶᠢᠨ ᠵᠢᠯ ᠤᠨ ᠭᠠᠷᠤᠯᠲᠠ 300 ᠲᠦᠮᠡᠨ ᠲᠣᠨ ᠤ ᠲᠡᠮᠦᠷ ᠤᠨ ᠠᠭᠤᠷᠬᠠᠢ ᠮᠠᠯᠲᠠᠬᠤ ᠲᠥᠷᠥᠯ ᠵᠦᠢᠯ ᠢ 15 ᠡᠳᠦᠷ ᠤᠨ ᠢᠯᠡ ᠨᠡᠶᠢᠲᠡᠯᠡᠬᠦ | ᠬᠤᠭᠤᠴᠠᠭ᠎ᠠ ᠳᠠᠭᠤᠰᠤᠭᠰᠠᠨ ᠤ ᠳᠠᠷᠠᠭ᠎ᠠ ︽ᠲᠡᠭ ᠠᠵᠢᠯ ᠤᠨ ᠡᠳᠦᠷ︾ ᠭᠡᠵᠦ ᠴᠣᠬᠤᠯᠠᠪᠤᠷᠢᠯᠠᠪᠠ᠃ ᠣᠲᠣ ᠪᠣᠯᠲᠠᠯ᠎ᠠ᠂ ᠪᠥᠬᠦ ᠬᠤᠲᠠ ᠶᠢᠨ 1050 ᠭᠤᠣᠯᠳᠠᠯᠭ᠎ᠠ ᠲᠠᠢ ᠲᠥᠷᠥᠯ | ᠵᠦᠢᠯ ᠠᠴᠠ ᠨᠢᠭᠡᠨᠲᠡ 941 ᠶᠢ ᠭᠦᠢᠴᠡᠳᠬᠡᠨ ᠳᠠᠭᠤᠰᠬᠠᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 89.6% ᠬᠦᠷᠴᠦ᠂ ᠬᠤᠯᠪᠣᠭᠳᠠᠭᠰᠠᠨ ᠪᠡᠯᠡ ᠣᠷᠣᠭᠤᠯᠤᠯᠲᠠ ᠶᠢᠨ | ᠲᠤᠭ᠎ᠠ ᠨᠢ 5222.74 ᠳ᠋ᠦᠩᠰᠢᠭᠤᠷ ᠲᠥᠭᠦᠷᠢᠭ ᠲᠤ ᠬᠦᠷᠴᠡᠢ᠃ | ᠬᠠᠲᠠᠭᠤ ᠠᠷᠭ᠎ᠠ ᠬᠡᠮᠵᠢᠶ᠎ᠡ ᠠᠪᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ ᠤᠨ ᠬᠡᠮᠵᠢᠶ᠎ᠡ ᠶᠢ ᠳᠡᠭᠡᠭᠰᠢᠯᠡᠭᠦᠯᠪᠡ᠃ ︽ᠠᠭᠤᠯᠵᠠᠬᠤ ᠦᠭᠡᠢ︾ ᠬᠢᠨᠠᠨ | ᠵᠥᠪᠰᠢᠶᠡᠷᠡᠯ ᠢ ᠬᠡᠷᠡᠭᠵᠢᠭᠦᠯᠵᠦ᠂ ᠬᠤᠲᠠ ᠶᠢᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ | ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠪᠡ᠂ ᠡᠭᠦᠨ ᠳᠤ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ | ᠵᠦᠢᠯᠡᠰ ᠤᠨ ᠲᠤᠭ᠎ᠠ 707 ᠬᠦᠷᠴᠦ᠂ ᠬᠤᠲᠠ ᠶᠢᠨ ᠲᠣᠰ ᠱᠠᠲᠤᠨ ᠤ ᠵᠦᠢᠯᠡᠰ ᠤᠨ ᠪᠥᠬᠦ ᠲᠣᠭᠠᠨ ᠤ 56.6% ᠶᠢ ᠡᠵᠡᠯᠡᠪᠡ︔ 820 ᠵᠦᠢᠯ ᠤᠨ ᠤᠴᠢᠷ ᠶᠠᠪᠤᠳᠠᠯ ᠢ | ᠠᠯᠠᠭᠠᠨ ᠳᠡᠭᠡᠷ᠎ᠡ ᠪᠠᠨ ᠪᠠᠶᠢᠴᠠᠭᠠᠨ ᠯᠠᠪᠯᠠᠵᠤ᠂ ᠠᠯᠠᠭᠠᠨ ᠳᠡᠭᠡᠷ᠎ᠡ ᠪᠠᠨ ᠭᠦᠢᠴᠡᠳᠬᠡᠬᠦ ᠶᠢ ᠪᠡᠶᠡᠯᠡᠭᠦᠯᠪᠡ᠃ ᠮᠥᠩᠬᠡ ᠰᠤᠪᠠᠭ App ᠳᠤ ︽ᠪᠠᠭ᠎ᠠ ᠤᠴᠢᠷ ᠢ ᠣᠶᠣᠨ ᠢᠶᠠᠷ | ᠰᠢᠢᠳᠪᠦᠷᠢᠯᠡᠬᠦ ᠲᠤᠰᠬᠠᠢ ᠪᠤᠯᠤᠩ︾ ᠢ ᠠᠰᠢᠭᠯᠠᠯᠲᠠ ᠳᠤ ᠣᠷᠣᠭᠤᠯᠵᠤ᠂ ᠠᠷᠠᠳ ᠤᠨ ᠠᠮᠢᠳᠤᠷᠠᠯ ᠤᠨ ᠲᠥᠷᠥᠯ ᠤᠨ ᠦᠢᠯᠡᠴᠢᠯᠡᠭᠡᠨ ᠤ ᠵᠦᠢᠯᠡᠰ ᠢ ᠲᠦᠷᠦᠭᠦ᠂ ᠰᠤᠷᠭᠠᠭᠤᠯᠢ ᠳᠤ | ᠣᠷᠣᠬᠤ᠂ ᠠᠵᠢᠯ ᠣᠯᠬᠤ᠂ ᠠᠮᠢᠳᠤᠷᠠᠬᠤ᠂ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠵᠡᠷᠭᠡ ᠵᠢᠷᠭᠤᠭᠠᠨ ᠶᠡᠭᠡ ᠲᠥᠷᠥᠯ ᠳᠤ ᠬᠤᠪᠢᠶᠠᠵᠤ᠂ ᠡᠯ᠎ᠡ ᠲᠥᠷᠥᠯ ᠤᠨ | ᠬᠡᠷᠡᠭᠯᠡᠭᠡᠨ ᠤ ᠵᠦᠢᠯ 26 ᠵᠦᠢᠯ ᠢ ᠨᠡᠶᠢᠳᠬᠡᠨ ᠣᠷᠣᠭᠤᠯᠪᠠ᠃ ᠬᠥᠬᠡᠬᠤᠲᠠ ᠶᠢᠨ ᠠᠮᠢᠳᠤᠷᠠᠯ ᠤᠨ ᠰᠦᠢᠳᠬᠡᠯ ᠲᠤᠰᠢᠶᠠᠬᠤ ᠲᠤᠰᠬᠠᠢ ᠪᠤᠯᠤᠩ ᠤᠨ ᠴᠢᠳᠠᠮᠵᠢ ᠶᠢ ᠨᠡᠭᠡᠭᠡᠨ | ᠬᠥᠭᠵᠢᠭᠦᠯᠵᠦ᠂ ᠤᠰᠤ ᠬᠠᠩᠭᠠᠬᠤ᠂ ᠢᠯᠴᠢ ᠬᠠᠩᠭᠠᠬᠤ᠂ ᠰᠢᠲᠠᠮᠠᠬᠠᠢ ᠬᠡᠢ ᠵᠡᠷᠭᠡ 10 ᠵᠦᠢᠯ ᠤᠨ ᠬᠡᠷᠡᠭᠯᠡᠭᠡᠨ ᠤ ᠵᠦᠢᠯ ᠢ ᠨᠡᠶᠢᠳᠬᠡᠪᠡ᠃ 1—2 ᠳ᠋ᠤᠭᠠᠷ ᠰᠠᠷ᠎ᠠ ᠳᠤ᠂ ᠪᠥᠬᠦ | ᠬᠤᠲᠠ ᠢᠨᠲ᠋ᠧᠷ ᠰᠦᠯᠵᠢᠶ᠎ᠡ ᠪᠠᠷ ᠨᠡᠶᠢᠲᠡ 12.1 ᠲᠦᠮᠡᠨ ᠬᠤᠪᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 332. | 1% ᠪᠠᠷ ᠨᠡᠮᠡᠭᠳᠡᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 92.2% ᠲᠤ ᠬᠦᠷᠴᠡᠢ᠃ ︽ᠦᠨᠡᠮᠯᠡᠯ ᠦᠵᠡᠬᠦ ᠦᠭᠡᠢ ᠪᠠᠷ ᠭᠦᠢᠴᠡᠳᠬᠡᠬᠦ︾ ᠵᠠᠭᠪᠤᠷ ᠢ ᠬᠡᠷᠡᠭᠵᠢᠭᠦᠯᠵᠦ᠂ | 1193 ᠵᠦᠢᠯ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠤᠷᠤᠭᠰᠠᠨ ᠬᠠᠮᠲᠤ ᠪᠠᠷ ᠡᠳ᠋ᠯᠡᠬᠦ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ | ᠵᠣᠬᠢᠶᠠᠵᠤ᠂ 941 ᠵᠦᠢᠯ ᠤᠨ ︽ᠦᠨᠡᠮᠯᠡᠯ ᠦᠵᠡᠬᠦ ᠦᠭᠡᠢ ᠪᠠᠷ ᠭᠦᠢᠴᠡᠳᠬᠡᠬᠦ︾ ᠵᠦᠢᠯᠡᠰ ᠢ ᠡᠮᠬᠢᠯᠡᠨ ᠨᠡᠶᠢᠲᠡᠯᠡᠵᠦ᠂ ᠡᠵᠡᠩᠨᠡᠯᠲᠡ ᠶᠢᠨ ᠦᠨᠡᠮᠯᠡᠯ᠂ ᠦᠯᠦ ᠬᠥᠳᠡᠯᠬᠦ | ᠬᠥᠷᠥᠩᠭᠡ ᠶᠢᠨ ᠭᠡᠷᠡᠴᠢ ᠵᠡᠷᠭᠡ 130 ᠲᠦᠷᠦᠯ ᠤᠨ ᠥᠨᠳᠥᠷ ᠳᠠᠪᠲᠠᠮᠵᠢ ᠶᠢᠨ ᠦᠨᠡᠮᠯᠡᠯ ᠢ ᠲᠤᠰᠢᠶᠠᠬᠤ ᠠᠴᠠ ᠬᠡᠯᠲᠦᠷᠢᠭᠦᠯᠪᠡ᠃ 132 ᠵᠦᠢᠯ ᠤᠨ ᠳᠤᠲᠠᠭᠤ ᠶᠢ ᠠᠭᠤᠴᠢᠯᠠᠵᠤ | ᠭᠥᠯᠢᠶᠡᠨ ᠠᠪᠴᠤ ᠰᠢᠢᠳᠪᠦᠷᠢᠯᠡᠬᠦ᠂ ᠢᠲᠡᠭᠡᠮᠵᠢ ᠶᠢ ᠬᠢᠨᠠᠨ ᠵᠥᠪᠰᠢᠶᠡᠷᠡᠬᠦ ᠵᠦᠢᠯᠡᠰ ᠤᠨ ᠲᠣᠳᠣᠷᠬᠠᠢ ᠬᠠᠭᠤᠳᠠᠰᠤ ᠶᠢ ᠡᠮᠬᠢᠯᠡᠨ ᠨᠡᠶᠢᠲᠡᠯᠡᠵᠦ᠂ ᠮᠠᠲ᠋ᠧᠷᠢᠶᠠᠯ ᠪᠡᠯᠡᠳᠬᠡᠬᠦ ᠳᠤ ᠳᠥᠭᠦᠮ | ᠦᠭᠡᠢ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠨᠠᠷᠢᠯᠢᠭ ᠣᠨᠣᠪᠴᠢᠲᠠᠢ ᠦᠢᠯᠡᠴᠢᠯᠡᠭᠡ ᠶᠢ ᠬᠡᠷᠡᠭᠵᠢᠭᠦᠯᠵᠦ᠂ | ᠮᠠᠨ ᠤ ᠬᠤᠲᠠ ᠶᠢᠨ 7 ᠨᠡᠭᠡᠭᠡᠯᠲᠡ ᠶᠢᠨ ᠲᠣᠭᠤᠷᠢᠭ ᠲᠤ ᠣᠳᠣᠬᠠᠨ ᠳᠤ ᠴᠥᠮ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠴᠡᠭ ︵ᠥᠷᠲᠡᠭᠡ︶ | ᠭᠠᠷᠭᠠᠨ᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠡᠩᠨᠡᠭᠡ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠢ ᠪᠠᠶᠢᠷᠢᠯᠠᠭᠤᠯᠤᠭᠰᠠᠨ ᠬᠦᠷᠢᠶᠡᠯᠡᠩ ᠲᠣᠭᠤᠷᠢᠭ ᠤᠨ | ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ | ᠨᠡᠶᠢᠲᠡ 100 ᠭᠠᠷᠤᠢ ᠲᠥᠷᠥᠯ ᠵᠦᠢᠯ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠬᠠᠩᠭᠠᠵᠤ᠂ ᠲᠣᠮᠣ ᠳ᠋ᠠᠶᠢᠲ᠋ᠠ᠂ ᠪᠠᠷᠠᠭᠠᠨ ᠤ ᠭᠦᠢᠯᠭᠡᠭᠡ᠂ | ᠵᠢᠭᠤᠯᠴᠢᠯᠠᠯ ᠪᠠ ᠲᠣᠨᠤᠭ ᠲᠥᠬᠦᠭᠡᠷᠦᠮᠵᠢ ᠦᠶᠯᠡᠳᠬᠦ ᠵᠡᠷᠭᠡ ᠠᠵᠤ ᠦᠢᠯᠡᠰ ᠲᠤ ᠬᠤᠯᠪᠣᠭᠳᠠᠭᠰᠠᠨ ᠪᠠᠶᠢᠨ᠎ᠠ᠃ 1—2 ᠳ᠋ᠤᠭᠠᠷ ᠰᠠᠷ᠎ᠠ ᠳᠤ᠂ ᠪᠥᠬᠦ ᠬᠤᠲᠠ ᠪᠠᠷ ᠢᠶᠠᠨ ᠠᠵᠤ | ᠠᠬᠤᠶᠢᠯᠠᠯ ᠣᠯᠠᠨ ᠲᠦᠮᠡᠨ ᠳᠤ ᠨᠡᠶᠢᠲᠡ 1200 ᠭᠠᠷᠤᠢ ᠤᠳᠠᠭ᠎ᠠ ᠬᠠᠪᠰᠤᠷᠤᠨ ᠭᠦᠢᠴᠡᠳᠬᠡᠬᠦ᠂ ᠵᠢᠭᠠᠨ ᠵᠢᠯᠤᠭᠤᠳᠬᠤ᠂ ᠵᠣᠬᠢᠴᠠᠭᠤᠯᠬᠤ ᠵᠡᠷᠭᠡ ᠬᠠᠪᠰᠤᠷᠤᠨ ᠭᠦᠢᠴᠡᠳᠬᠡᠬᠦ | ᠦᠢᠯᠡᠴᠢᠯᠡᠭᠡ ᠬᠠᠩᠭᠠᠭᠰᠠᠨ ᠪᠠᠶᠢᠨ᠎ᠠ᠃ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠬᠥᠭᠵᠢᠭᠡᠪᠡ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠳᠠᠩᠰᠠᠯᠠᠭᠤᠯᠤᠭᠰᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ | 35.16 ᠲᠦᠮᠡ ᠳᠤ ᠬᠦᠷᠴᠦ᠂ ᠡᠭᠦᠨ ᠳᠤ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 22.22 ᠲᠦᠮᠡ᠂ ᠰᠢᠨ᠎ᠡ ᠪᠠᠷ ᠳᠠᠩᠰᠠᠯᠠᠭᠤᠯᠤᠭᠰᠠᠨ | ᠵᠠᠬ᠎ᠠ ᠳᠡᠯᠭᠡᠭᠦᠷ ᠤᠨ ᠪᠡᠶᠡᠴᠢ ᠴᠣᠭᠴᠠ 3658 ᠬᠦᠷᠴᠦ᠂ ᠠᠳᠠᠯᠢ ᠬᠤᠭᠤᠴᠠᠭᠠᠨ ᠤ ᠬᠢ ᠠᠴᠠ 49.98% ᠪᠠᠷ ᠨᠡᠮᠡᠭᠳᠡᠪᠡ᠃ ᠣᠲᠣ ᠪᠣᠯᠲᠠᠯ᠎ᠠ᠂ ︽ᠦᠨᠡᠮᠯᠡᠯ ᠪᠠ ᠭᠡᠷᠡᠴᠢ ᠶᠢ | ᠰᠠᠯᠭᠠᠬᠤ︾ ᠥᠭᠡᠷᠡᠴᠢᠯᠡᠯᠲᠡ ᠨᠢ 5.46 ᠲᠦᠮᠡᠨ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠠᠰᠢᠭ ᠬᠦᠷᠲᠡᠭᠡᠵᠦ᠂ 2.31 ᠲᠦᠮᠡᠨ ᠬᠤᠪᠢ | ᠮᠡᠳᠡᠭᠳᠡᠵᠦ ᠠᠮᠠᠯᠠᠭᠤᠯᠵᠤ᠂ 4.03 ᠲᠦᠮᠡᠨ ᠬᠤᠪᠢ ᠬᠢᠨᠠᠨ ᠵᠥᠪᠰᠢᠶᠡᠷᠡᠯ ᠢ ᠰᠢᠭᠤᠳ ᠬᠦᠴᠦᠨ ᠦᠭᠡᠢ ᠪᠣᠯᠭᠠᠵᠤ᠂ 18.1 ᠲᠦᠮᠡᠨ ᠬᠤᠪᠢ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠪᠡ᠃ ︽ᠬᠥᠮᠥᠨ ᠤ ᠬᠦᠴᠦᠨ ᠦᠭᠡᠢ ᠣᠶᠣᠨᠴᠢ ᠬᠢᠨᠠᠨ ᠵᠥᠪᠰᠢᠶᠡᠷᠡᠯ︾ ᠢ ᠨᠡᠭᠡᠭᠡᠨ ᠡᠷᠬᠢᠯᠡᠵᠦ᠂ ᠳᠡᠩᠰᠡᠯᠡᠵᠦ ᠬᠢᠨᠠᠨ | ᠵᠥᠪᠰᠢᠶᠡᠷᠡᠬᠦ ᠣᠶᠣᠨᠴᠢ ᠴᠢᠳᠠᠮᠵᠢ ᠪᠠᠷ ᠳᠠᠮᠵᠢᠭᠤᠯᠤᠨ᠂ ᠣᠳᠣᠬᠠᠨ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 3074 ᠪᠠᠶᠢᠭᠤᠯᠵᠤ ᠳᠠᠩᠰᠠᠯᠠᠭᠤᠯᠪᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠭᠰᠡᠨ ᠵᠣᠭᠤᠰ ᠢ ᠲᠥᠯᠥᠵᠦ ᠳᠠᠭᠤᠰᠬᠠᠬᠤ ᠶᠢ ᠲᠦᠯᠬᠢᠨ ᠠᠬᠢᠭᠤᠯᠵᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠪᠡ᠃ ᠠᠷᠠᠳ ᠠᠴᠠ ᠡᠵᠡᠩᠨᠡᠯᠲᠡ ᠶᠢᠨ ᠠᠵᠤ ᠠᠬᠤᠶᠢᠯᠠᠯ ᠳᠤ ᠵᠣᠭᠤᠰ ᠥᠷᠢᠲᠦᠬᠦ ᠶᠢ ᠰᠡᠷᠭᠡᠶᠢᠯᠡᠬᠦ ᠪᠠ ᠢᠯᠭᠠᠷᠠᠭᠤᠯᠬᠤ ᠲᠣᠭᠲᠠᠴᠠ ᠶᠢ ᠪᠦᠷᠢᠨᠰᠢᠭᠦᠯᠵᠦ | ᠂ ᠠᠷᠠᠳ ᠠᠴᠠ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠢ ᠲᠥᠯᠥᠬᠦ ᠠᠬᠢᠴᠠ ᠶᠢ ᠠᠬᠢᠭᠤᠯᠵᠤ᠂ ᠡᠯ᠎ᠡ ᠬᠠᠮᠢᠶ᠎ᠠ ᠪᠦᠬᠦᠢ ᠨᠢᠭᠡᠴᠡ ᠪᠣᠯᠣᠨ ᠬᠤᠰᠢᠭᠤ | ᠰᠢᠶᠠᠨ ᠲᠣᠭᠤᠷᠢᠭ ᠤᠨ ᠮᠠᠷᠭᠤᠭᠠᠨ ᠦᠭᠡᠢ ᠥᠷᠢ ᠶᠢ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠥᠯᠥᠵᠦ ᠳᠠᠭᠤᠰᠬᠠᠬᠤ ᠶᠢ ᠱᠠᠭᠠᠷᠳᠠᠵᠤ᠂ 2023 ᠣᠨ ᠠᠴᠠ | ᠡᠮᠦᠨ᠎ᠡ ᠪᠣᠶ ᠪᠣᠯᠤᠭᠰᠠᠨ ᠮᠠᠷᠭᠤᠭᠠᠨ ᠦᠭᠡᠢ ᠥᠷᠢ ᠶᠢ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠥᠯᠥᠵᠦ ᠳᠠᠭᠤᠰᠬᠠᠨ᠎ᠠ᠃ 2 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠪᠥᠬᠦ ᠬᠤᠲᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ 4.62 ᠳ᠋ᠦᠩᠰᠢᠭᠤᠷ ᠲᠥᠭᠦᠷᠢᠭ ᠥᠷᠢᠲᠦᠵᠦ᠂ ᠵᠠᠰᠠᠭ ᠵᠠᠬᠢᠷᠭᠠᠨ ᠤ ᠵᠡᠷᠭᠡ ᠪᠠᠷ ᠬᠤᠪᠢᠶᠠᠪᠠᠯ᠄ | ᠬᠤᠲᠠ ᠶᠢᠨ ᠲᠣᠰ ᠱᠠᠲᠤ 0.22 ᠳ᠋ᠦᠩᠰᠢᠭᠤᠷ ᠲᠥᠭᠦᠷᠢᠭ᠂ ᠬᠤᠰᠢᠭᠤ ᠰᠢᠶᠠᠨ ᠲᠣᠭᠤᠷᠢᠭ 4.4 ᠳ᠋ᠦᠩᠰᠢᠭᠤᠷ ᠲᠥᠭᠦᠷᠢᠭ︔ ᠮᠠᠷᠭᠤᠭᠠᠨ ᠤ ᠪᠠᠶᠢᠳᠠᠯ ᠢᠶᠠᠷ ᠨᠢ ᠬᠤᠪᠢᠶᠠᠪᠠᠯ᠄ | ᠮᠠᠷᠭᠤᠭᠠᠨ ᠦᠭᠡᠢ ᠥᠷᠢ 3.01 ᠳ᠋ᠦᠩᠰᠢᠭᠤᠷ ᠲᠥᠭᠦᠷᠢᠭ᠂ ᠮᠠᠷᠭᠤᠭᠠᠨ ᠲᠠᠢ ᠥᠷᠢ 1.61 ᠳ᠋ᠦᠩᠰᠢᠭᠤᠷ ᠲᠥᠭᠦᠷᠢᠭ ᠪᠠᠶᠢᠨ᠎ᠠ᠃ ᠣᠲᠣ ᠪᠣᠯᠲᠠᠯ᠎ᠠ᠂ ᠨᠢᠭᠡᠨᠲᠡ ᠲᠥᠯᠥᠵᠦ | ᠳᠠᠭᠤᠰᠬᠠᠭᠰᠠᠨ ᠪᠠ ᠬᠠᠷᠭᠤᠭᠤᠯᠤᠨ ᠳᠠᠩᠰᠠᠨ ᠠᠴᠠ ᠬᠠᠰᠤᠭᠰᠠᠨ ᠮᠠᠷᠭᠤᠭᠠᠨ ᠦᠭᠡᠢ ᠥᠷᠢ 0.85 ᠳ᠋ᠦᠩᠰᠢᠭᠤᠷ ᠲᠥᠭᠦᠷᠢᠭ ᠬᠦᠷᠴᠡᠢ᠃ | ᠪᠦᠬᠦ ᠬᠦᠴᠦᠨ ᠢᠶᠠᠷ ᠠᠵᠢᠯ ᠣᠯᠭᠤᠯᠲᠠ ᠶᠢ ᠠᠬᠢᠭᠤᠯᠵᠤ ᠠᠷᠠᠳ ᠤᠨ ᠠᠮᠢᠳᠤᠷᠠᠯ ᠢ ᠪᠠᠲᠤᠯᠠᠵᠤ ︽ᠦᠢᠯᠡᠰ ᠪᠣᠰᠬᠠᠬᠤ ᠳᠤ ᠲᠣᠬᠢᠷᠠᠮᠵᠢᠲᠠᠢ︾ ᠬᠤᠳᠠ ᠶᠢᠨ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠪᠡ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠬᠤᠲᠠ ᠪᠠᠯᠭᠠᠰᠤᠨ ᠳᠤ ᠨᠡᠶᠢᠲᠡ 1.22 ᠲᠦᠮᠡᠨ ᠬᠥᠮᠥᠨ ᠰᠢᠨ᠎ᠡ ᠪᠠᠷ | ᠠᠵᠢᠯ ᠣᠯᠵᠤ᠂ ᠡᠭᠦᠷᠭᠡ ᠬᠠᠷᠠᠯᠲᠠ ᠶᠢᠨ 20.34% ᠶᠢ ᠪᠡᠶᠡᠯᠡᠭᠦᠯᠵᠡᠢ᠃ ᠡᠭᠦᠨ ᠤ ᠳᠣᠲᠣᠷ᠎ᠠ᠂ ᠠᠵᠢᠯ ᠠᠯᠳᠠᠭᠰᠠᠨ 3383 ᠬᠥᠮᠥᠨ ᠲᠠᠬᠢᠨ ᠠᠵᠢᠯ ᠣᠯᠵᠤ᠂ ᠠᠵᠢᠯ | ᠣᠯᠬᠤ ᠳᠤ ᠬᠦᠴᠢᠷᠲᠡᠢ 1167 ᠬᠥᠮᠥᠨ ᠠᠵᠢᠯ ᠣᠯᠪᠠ᠃ 5496 ᠣᠶᠤᠲᠠᠨ ᠬᠥᠬᠡᠬᠤᠲᠠ ᠳᠤ ᠦᠯᠡᠳᠡᠨ ᠠᠵᠢᠯ ᠣᠯᠵᠤ ᠠᠳᠠᠯ ᠦᠢᠯᠡᠰ ᠴᠣᠭᠴᠠᠯᠠᠵᠤ᠂ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠤ ᠰᠢᠯᠵᠢᠵᠦ ᠠᠵᠢᠯ ᠣᠯᠣᠭᠰᠠᠨ ᠬᠡᠪᠴᠢᠶ᠎ᠡ 21.98 ᠲᠦᠮᠡᠨ ᠬᠥᠮᠥᠨ ᠳᠤ ᠬᠥᠷᠪᠡ᠃ ᠣᠲᠣ ᠪᠣᠯᠲᠠᠯ᠎ᠠ᠂ ᠪᠥᠬᠦ ᠬᠤᠲᠠ ᠠᠴᠠ ᠡᠯ᠎ᠡ | ᠲᠥᠷᠥᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ 31 ᠤᠳᠠᠭ᠎ᠠ ᠡᠷᠭᠢᠯᠡᠵᠦ᠂ ᠨᠡᠶᠢᠲᠡ 5.4 ᠲᠦᠮᠡᠨ ᠤᠳᠠᠭᠠᠨ ᠤ | ᠠᠵᠢᠯ ᠤᠨ ᠪᠠᠶᠢᠷᠢ ᠬᠠᠩᠭᠠᠵᠤ᠂ 5600 ᠬᠥᠮᠥᠨ ᠤ ᠠᠵᠢᠯ ᠣᠯᠬᠤ ᠪᠠᠷ ᠠᠩᠬ᠎ᠠ ᠠᠯᠬᠤᠮ ᠰᠠᠨᠠᠯ ᠲᠣᠬᠢᠷᠠᠭᠤᠯᠪᠠ᠃ ︽ᠭᠠᠳᠠᠭᠰᠢ ᠭᠠᠷᠬᠤ︾ ︽ᠤᠷᠢᠵᠤ ᠠᠪᠴᠢᠷᠠᠬᠤ︾ | ᠴᠢᠳᠠᠪᠤᠷᠢᠲᠠᠨ ᠡᠯᠰᠡᠬᠦ ᠬᠡᠯᠪᠡᠷᠢ ᠪᠠᠷ ᠳᠠᠮᠵᠢᠭᠤᠯᠤᠨ᠂ ᠦᠬᠠᠨ᠂ ᠰᠢ ᠠᠨ ᠳᠤ ᠬᠦᠷᠴᠦ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠠᠵᠢᠯᠲᠠᠨ ᠡᠯᠰᠡᠬᠦ ᠴᠤᠭᠯᠠᠭᠠᠨ ᠢ | ᠵᠣᠬᠢᠶᠠᠨ ᠪᠠᠶᠢᠭᠤᠯᠤᠨ ᠣᠷᠣᠯᠴᠠᠵᠤ᠂ ᠳ᠋ᠣᠺᠲ᠋ᠣᠷ᠂ ᠮᠠᠰᠲ᠋ᠧᠷ ᠵᠡᠷᠭᠡ ᠰᠢᠯᠢᠳᠡᠭ ᠠᠵᠢᠯ ᠤᠨ ᠪᠠᠶᠢᠷᠢ ᠨᠡᠶᠢᠲᠡ 583 ᠬᠠᠩᠭᠠᠨ 94 ᠵᠦᠢᠯ ᠤᠨ ᠲᠤᠰᠢᠶᠠᠯ ᠳᠤ ᠬᠤᠯᠪᠣᠭᠳᠠᠵᠤ᠂ | ᠦᠬᠠᠨ᠂ ᠰᠢ ᠠᠨ ᠬᠤᠶᠠᠷ ᠭᠠᠵᠠᠷ ᠤᠨ 18 ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠵᠤ᠂ 567 ᠬᠥᠮᠥᠨ ᠠᠵᠢᠯ | ᠣᠯᠬᠤ ᠪᠠᠷ ᠠᠩᠬ᠎ᠠ ᠠᠯᠬᠤᠮ ᠰᠠᠨᠠᠯ ᠲᠣᠬᠢᠷᠠᠪᠠ᠃ ᠣᠲᠣ ᠪᠣᠯᠲᠠᠯ᠎ᠠ᠂ ᠪᠥᠬᠦ ᠬᠤᠲᠠ ᠨᠡᠶᠢᠲᠡ 1487 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠲᠠᠯᠪᠢᠪᠠ᠃ |