ᠦᠪᠡᠷᠲᠡᠭᠡᠨ ᠵᠠᠰᠠᠬᠤ ᠤᠷᠤᠨ ᠠᠴᠠ ᠬᠦᠬᠡᠬᠤᠲᠠ ᠶᠢᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ 16798 ᠲᠦᠮᠡ ᠭᠠᠷᠤᠢ ᠲᠥᠭᠦᠷᠢᠭ ᠤᠨ ᠪᠡᠯᠡ ᠮᠦᠡᠭᠭᠦ ᠪᠠᠭᠤᠯᠭᠠᠪᠠ
ᠨᠡᠶᠢᠲᠡᠯᠡᠭᠰᠡᠨ ᠴᠠᠭ᠄
2023/3/13
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠦᠨᠢᠷ︶ ᠬᠦᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠤ 2 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠠᠴᠠ ᠬᠦᠬᠡᠬᠤᠲᠠ ᠳᠤ 5 ᠲᠠᠯ᠎ᠠ ᠶᠢᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠡᠶᠢᠲᠡ 16798.8 ᠲᠦᠮᠡᠨ ᠲᠥᠭᠦᠷᠢᠭ ᠪᠠᠭᠤᠯᠭᠠᠵᠤ᠂ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 240% ᠪᠠᠷ ᠨᠡᠮᠡᠭᠳᠡᠪᠡ᠃      ᠦᠪᠡᠷᠳᠡᠬᠡᠨ ᠵᠠᠰᠠᠬᠤ ᠤᠷᠤᠨ ᠠᠴᠠ ᠬᠦᠬᠡᠬᠤᠳᠠ ᠳᠤ ᠤᠰᠤᠨ ᠴᠥᠭᠦᠷᠥᠮ ᠤᠨ ᠪᠦᠳᠦᠬᠡᠨ ᠪᠠᠶᠢᠭᠤᠯᠤᠯᠲᠠ ᠳᠤ ᠬᠤᠯᠪᠤᠭᠳᠠᠬᠤ ᠠᠷᠠᠳ ᠢ ᠨᠡᠭᠦᠯᠭᠡᠬᠦ ᠠᠵᠢᠯ ᠳᠤ 2572.8 ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠵᠤ᠂ 11063 ᠬᠦᠮᠦᠨ ᠳᠤ ᠠᠰᠢᠭ ᠬᠦᠷᠲᠡᠭᠡᠬᠦ ᠪᠣᠯᠣᠨ᠎ᠠ︔ ᠬᠠᠲᠤᠨ ᠭᠤᠤᠯ ᠤᠨ ᠲᠠᠩ ᠳᠠᠬᠢ  ᠰᠠᠭᠤᠭᠠᠯᠢ ᠠᠷᠠᠳ ᠢ ᠨᠡᠭᠦᠯᠭᠡᠨ ᠲᠦᠪᠬᠢᠨᠡᠬᠦᠯᠬᠦ ᠳᠤ 5278 ᠲᠦᠮᠡᠨ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠵᠤ᠂ 294 ᠡᠷᠦᠬᠡ ᠶᠢᠨ 761ᠬᠥᠮᠦᠨ ᠳᠤᠠᠰᠢᠭ ᠬᠦᠷᠲᠡᠭᠡᠬᠦ ᠪᠣᠯᠣᠨ᠎ᠠ︔ ᠳᠤᠮᠳᠠ ᠪᠠᠭ᠎ᠠ ᠭᠤᠤᠯ ᠮᠥᠷᠡᠨ ᠢ ᠵᠠᠰᠠᠬᠤ᠂ ᠪᠠᠭ᠎ᠠ ᠬᠡᠯᠪᠡᠷᠢ ᠶᠢᠨ ᠠᠶᠤᠯ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ᠂ ᠪᠠᠭ᠎ᠠ ᠬᠡᠯᠪᠡᠷᠢ ᠶᠢᠨ ᠤᠰᠤᠨ ᠴᠥᠭᠦᠷᠥᠮ ᠤᠨ ᠪᠠᠷᠢᠯᠭ᠎ᠠ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠬᠥᠳᠡᠭᠡ ᠲᠣᠰᠬᠤᠨ ᠤ ᠤᠤᠭᠤᠬᠤ ᠤᠰᠤᠨ ᠤ ᠪᠠᠷᠢᠯᠭ᠎ᠠ ᠶᠢ ᠰᠠᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠵᠡᠷᠬᠡ ᠶᠢ ᠪᠠᠭᠳᠠᠭᠠᠭᠰᠠᠨ ᠦᠶᠡᠷ ᠤᠰᠤᠳᠤᠯ ᠪᠠ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠲᠠᠯ᠎ᠠ ᠪᠠᠷ 3755 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠪᠠ︔ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠬᠠᠮᠤᠷᠤᠭᠰᠠᠨ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠠᠯ᠎ᠠ ᠪᠠᠷ 1373 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠪᠠ︔ ᠵᠢᠵᠢᠭ ᠰᠠᠪᠠ ᠭᠠᠵᠠᠷ ᠢ ᠶᠡᠷᠤᠩᠬᠡᠢᠯᠡᠨ ᠵᠠᠰᠠᠬᠤ ᠪᠠ ᠨᠦᠯᠦᠮᠡᠯ ᠭᠠᠵᠠᠷ ᠤᠨ ᠬᠠᠰᠢᠯᠭ᠎ᠠ ᠶᠢ ᠵᠠᠰᠠᠵᠤ ᠪᠠᠬᠢᠯᠡᠬᠦ ᠪᠠᠷ ᠭᠤᠤᠯ ᠪᠤᠯᠭᠠᠭᠰᠠᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠰᠠᠯᠪᠢᠨ ᠵᠠᠰᠠᠬᠤ ᠲᠠᠯ᠎ᠠ ᠪᠠᠷ 3820 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠭᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ