2023 ᠣᠨ ᠤ ᠭᠤᠴᠢᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/3/14
 
      3 ᠳ᠋ᠤᠭᠠᠷ ᠰᠠᠷ᠎ᠠ ᠶᠢᠨ 12 ᠤᠨ ᠡᠳᠦᠷ᠂ 2023 ᠣᠨ ᠤ ᠭᠤᠴᠢᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠥᠪᠥᠷ ᠮᠣᠩᠭᠤᠯ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠵᠦ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠶ ᠰᠢᠭᠤᠢ ᠶᠢᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ᠂ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ︵ᠬᠠᠪᠤᠷ ᠤᠨ ᠤᠯᠠᠷᠢᠯ︶ ᠤᠨ ᠲᠠᠷᠢᠶᠠᠯᠠᠩ ᠤᠨ ᠮᠠᠰᠢᠨ ᠤ ᠦᠵᠡᠰᠬᠦᠯᠡᠩ ᠵᠡᠷᠭᠡ ᠶᠠᠪᠤᠭᠳᠠᠪᠠ᠃      ᠲᠣᠰ ᠬᠤᠭᠤᠴᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠨᠢ 3 ᠡᠳᠦᠷ ᠦᠷᠭᠦᠯᠵᠢᠯᠡᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠣᠶᠤᠨᠲᠤ ᠲᠠᠷᠢᠶᠠᠯᠠᠩ᠂ ᠲᠠᠷᠢᠶᠠᠯᠠᠩ ᠣᠶ ᠰᠢᠭᠤᠢ ᠶᠢᠨ ᠪᠦᠲᠦᠭᠡᠭᠳᠡᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠯᠤᠭᠠᠨ ᠲᠣᠮᠣ ᠦᠵᠡᠭᠦᠯᠦᠯᠭᠡ ᠶᠢᠨ ᠲᠣᠭᠤᠷᠢᠭ ᠲᠣᠬᠢᠷᠠᠭᠤᠯᠵᠠᠢ᠃      ᠥᠪᠥᠷ ᠮᠣᠩᠭᠤᠯ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠢ 2007 ᠣᠨ ᠳᠤ ᠡᠬᠢᠯᠡᠨ ᠡᠷᠬᠢᠯᠡᠵᠦ᠂ ᠵᠢᠯ ᠪᠦᠷᠢ ᠬᠥᠬᠡᠬᠤᠲᠠ ᠪᠣᠯᠣᠨ ᠤᠯᠠᠭᠠᠨᠬᠠᠳᠠ ᠳᠤ ᠬᠤᠶᠠᠷ ᠬᠤᠭᠤᠴᠠᠭ᠎ᠠ ᠡᠷᠬᠢᠯᠡᠵᠦ᠂ ᠡᠨᠡ ᠵᠢᠯ ᠪᠣᠯᠬᠤ ᠳᠤ ᠵᠠᠯᠭᠠᠭ᠎ᠠ ᠪᠠᠷ 31 ᠬᠤᠭᠤᠴᠠᠭ᠎ᠠ ᠠᠮᠵᠢᠯᠲᠠ ᠲᠠᠢ ᠡᠷᠬᠢᠯᠡᠵᠦ᠂ ᠦᠵᠡᠭᠦᠯᠦᠯᠭᠡ ᠶᠢᠨ ᠬᠡᠪᠴᠢᠶ᠎ᠡ ᠪᠣᠯᠣᠨ ᠨᠥᠯᠥᠭᠡᠯᠡᠬᠦ ᠬᠦᠴᠦᠨ ᠳᠠᠰᠤᠷᠠᠯᠳᠠ ᠦᠭᠡᠢ ᠳᠡᠭᠡᠭᠰᠢᠯᠡᠨ᠂ ᠦᠵᠡᠭᠦᠯᠦᠯᠭᠡ ᠶᠢᠨ ᠲᠠᠯᠠᠪᠠᠢ 32 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ ᠦᠵᠡᠭᠦᠯᠦᠯᠭᠡ ᠳᠤ ᠣᠷᠣᠯᠴᠠᠭᠰᠠᠨ ᠠᠵᠤ ᠠᠬᠤᠶᠢᠯᠠᠯ 3 ᠲᠦᠮᠡ ᠭᠠᠷᠤᠢ ᠪᠣᠯᠵᠤ᠂ ᠲᠣᠭᠤᠷᠢᠨ ᠦᠵᠡᠭᠰᠡᠨ ᠭᠡᠶᠢᠴᠢᠨ ᠵᠣᠴᠢᠨ ᠬᠤᠳᠠᠯᠳᠤᠭᠠᠴᠢᠨ 65 ᠲᠦᠮᠡᠨ ᠬᠥᠮᠥᠨ ᠤᠳᠠᠭ᠎ᠠ ᠬᠦᠷᠴᠦ᠂ ᠠᠷᠠᠯᠵᠢᠶ᠎ᠠ ᠪᠦᠲᠦᠭᠰᠡᠨ ᠬᠡᠮᠵᠢᠶ᠎ᠡ 45 ᠳ᠋ᠦᠩᠰᠢᠭᠤᠷ ᠲᠥᠭᠦᠷᠢᠭ ᠢ ᠳᠠᠪᠠᠵᠤ᠂ ᠤᠲᠤ ᠨᠢᠭᠡᠨᠲᠡ ᠤᠮᠠᠷᠠᠲᠤ ᠣᠷᠣᠨ ᠤ ᠬᠡᠪᠴᠢᠶ᠎ᠡ ᠪᠠᠷ ᠨᠡᠯᠢᠶᠡᠳ ᠶᠡᠭᠡ ᠨᠡᠷᠡᠳᠦ ᠲᠡᠮᠳᠡᠭᠲᠦ ᠲᠠᠷᠢᠶᠠᠯᠠᠩ ᠤᠨ ᠦᠪᠡᠳᠡᠭᠰᠢ ᠴᠤᠭᠯᠠᠭᠠᠨ ᠪᠣᠯᠵᠠᠢ᠃ ᠰᠤᠷᠪᠤᠯᠵᠢᠯᠠᠭᠴᠢ ᠮᠢᠶᠣᠣ ᠴᠢᠩ ᠳᠠᠳᠤᠯᠭ᠎ᠠ ᠶᠢᠨ ᠰᠤᠷᠪᠤᠯᠵᠢᠯᠠᠭᠴᠢ ᠷᠦᠩ ᠬᠤᠩ ᠬᠤᠩ ᠰᠡᠭᠦᠳᠡᠷᠯᠡᠪᠡ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ