| | | ᠰᠢᠨᠵᠢᠯᠡᠬᠦ ᠤᠬᠠᠭᠠᠨ ᠮᠡᠷᠭᠡᠵᠢᠯ ᠢ ᠲᠣᠰᠬᠤᠨ ᠡᠷᠦᠬᠡ ᠳᠤ ᠬᠦᠷᠭᠡᠬᠦ ᠵᠠᠮ ᠢ ᠨᠡᠪᠲᠡᠷᠡᠭᠦᠯᠬᠦ ᠶᠢᠨ ᠲᠤᠰᠠᠳᠠ᠂ 3 ᠰᠠᠷ᠎ᠠ ᠶᠢᠨ 13 ᠤ ᠡᠳᠦᠷ᠂ ᠰᠢᠶᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ | ᠱᠠᠪᠠᠭ᠋ᠠᠢ ᠰᠢᠶᠠᠩ ᠤᠨ ᠨᠠᠭᠤᠷ ᠪᠠᠶᠢᠰᠢᠩ ᠲᠣᠰᠬᠤᠨ ᠳᠤ ᠭᠦᠨᠵᠡᠭᠡᠶᠢᠷᠡᠨ ︽ᠰᠢᠨᠵᠢᠯᠡᠬᠦ ᠤᠬᠠᠭᠠᠨᠴᠢ ᠪᠠᠷ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ | ᠬᠥᠳᠡᠭᠡ ᠬᠦᠷᠭᠡᠬᠦ︾ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠢᠳᠡᠪᠬᠢᠲᠡᠶ ᠥᠷᠨᠢᠭᠦᠯᠪᠡ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠰᠢᠷᠠᠮ ᠢᠶᠠᠷ᠂ ᠰᠠᠶᠢᠨ ᠳᠤᠷ᠎ᠠ ᠶᠢᠨ ᠠᠵᠢᠯᠯᠠᠭᠴᠢᠳ ᠥᠷᠭᠡᠨ ᠤᠯᠠᠨ ᠲᠠᠷᠢᠶᠠᠴᠢᠨ ᠡᠷᠦᠬᠡ ᠳᠤ ᠲᠤᠰ ᠲᠤᠰ | ᠡᠷᠳᠡᠨᠢ ᠰᠢᠰᠢ᠂ ᠲᠥᠮᠥᠰᠥ᠂ ᠰᠢᠰᠢ ᠵᠡᠷᠭᠡ ᠲᠠᠷᠢᠮᠠᠯ ᠢ ᠬᠦᠷᠭᠡᠵᠡᠢ︔ ᠰᠢᠨᠵᠢᠯᠡᠬᠦ ᠤᠬᠠᠭᠠᠨᠴᠢ ᠪᠠᠷ ᠬᠤᠨᠢ ᠢᠮᠠᠭ᠎ᠠ ᠲᠡᠵᠢᠭᠡᠬᠦ᠂ ᠰᠢᠨᠵᠢᠯᠡᠬᠦ ᠤᠬᠠᠭᠠᠨᠴᠢ ᠪᠠᠷ | ᠳᠠᠷᠢᠬᠤ ᠵᠡᠷᠭᠡ ᠬᠡᠷᠡᠭᠯᠡᠭᠡᠨ ᠤ ᠴᠢᠨᠠᠷ ᠢᠶᠠᠷ ᠴᠢᠩᠭ᠎ᠠ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠭᠠᠷ ᠳᠡᠪᠲᠡᠷ 10 ᠭᠠᠷᠤᠶ ᠵᠦᠢᠯ ᠪᠣᠶ᠃ ᠡᠭᠦᠨ ᠤ | ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠶᠠᠨ ᠪᠠᠶᠢᠭᠤᠯᠤᠨ ᠲᠠᠷᠢᠶᠠᠴᠢᠳ ᠲᠤ ᠰᠦᠯᠢᠶᠣᠣ ᠪᠦᠷᠬᠦᠪᠴᠢ ᠶᠢᠨ ᠳᠣᠣᠷ᠎ᠠ | ᠳᠤᠰᠤᠯᠭᠠᠨ ᠤᠰᠤᠯᠠᠬᠤ ᠵᠡᠷᠭᠡ ᠤᠳᠤ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠢᠳᠡᠪᠬᠢᠲᠡᠶ ᠪᠠᠷ ᠲᠠᠶᠢᠯᠪᠤᠷᠢᠯᠠᠨ ᠥᠭᠴᠦ᠂ ᠲᠠᠷᠢᠶᠠᠴᠢᠳ ᠲᠤ ᠲᠤᠯᠭᠠᠷᠠᠭᠰᠠᠨ | ᠠᠰᠠᠭᠤᠳᠠᠯ ᠳᠤ ᠴᠢᠭᠯᠡᠭᠦᠯᠦᠨ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠨ ᠥᠭᠴᠦ ᠲᠥᠭᠡᠷᠢᠭᠳᠡᠯ ᠢ ᠨᠢ ᠲᠠᠶᠢᠯᠵᠤ ᠥᠭᠪᠡ᠃ | ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠨ ᠢ ᠰᠢᠨᠵᠢᠯᠡᠬᠦ ᠤᠬᠠᠭᠠᠨᠴᠢ ᠪᠠᠷ | ᠲᠠᠷᠢᠵᠤ ᠦᠷᠡᠵᠢᠭᠦᠯᠬᠦ ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠡᠷᠴᠢᠮᠵᠢᠭᠦᠯᠦᠭᠰᠡᠨ ᠬᠥᠭᠵᠢᠯᠲᠡ ᠶᠢ | ᠴᠢᠩᠭᠠᠳᠬᠠᠵᠤ᠂ ᠤᠳᠤ ᠦᠶ᠎ᠡ ᠶᠢᠨ᠂ ᠠᠮᠢ ᠠᠬᠤᠢ ᠶᠢᠨ᠂ ᠥᠨᠳᠥᠷ ᠦᠷ᠎ᠡ ᠠᠰᠢᠭ ᠲᠠᠢ᠂ ᠤᠨᠴᠠᠯᠢᠭᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ | ᠲᠠᠷᠢᠶᠠᠯᠠᠩ ᠤᠨ ᠠᠵᠤ ᠠᠬᠤᠢ ᠶᠢᠨ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ | ᠬᠥᠭᠵᠢᠯᠲᠡ ᠶᠢᠨ ᠱᠠᠭᠠᠷᠳᠠᠯᠭ᠎ᠠ ᠳᠤ ᠭᠦᠢᠴᠡᠳ ᠵᠣᠬᠢᠴᠠᠬᠤ ᠶᠢ ᠤᠷᠢᠶᠠᠯᠠᠪᠠ᠃ | ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠥᠷᠭᠡᠨ ᠣᠯᠠᠨ ᠲᠠᠷᠢᠶᠠᠴᠢᠨ ᠡᠷᠦᠬᠡ ᠳᠤ ᠬᠠᠮᠢᠶ᠎ᠠ ᠪᠥᠬᠦᠶ ᠳᠠᠷᠢᠵᠤ | ᠲᠡᠵᠢᠭᠡᠨ ᠦᠷᠡᠵᠢᠭᠦᠯᠬᠦ ᠮᠡᠷᠭᠡᠵᠢᠯ ᠢ ᠲᠦᠭᠡᠮᠡᠯᠵᠢᠭᠦᠯᠵᠦ᠂ ᠥᠷᠭᠡᠨ ᠣᠯᠠᠨ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠦᠷ᠎ᠡ ᠪᠤᠶᠢᠵᠢᠭᠤᠯᠬᠤ᠂ | ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠭᠠᠮᠰᠢᠭ ᠢ ᠰᠡᠷᠭᠡᠶᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ | ᠃ | |