ᠮᠠᠨ ᠤ ᠬᠤᠲᠠ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠤᠬᠠᠭᠤᠯᠭ᠎ᠠ ᠵᠢᠴᠢ ︽3 · 15︾ ᠤ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠪᠦᠲᠦᠭᠡᠭᠳᠡᠬᠦᠨ ᠢ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/15
      ︵ᠰᠤᠷᠪᠤᠯᠵᠢᠯᠠᠭᠴᠢ ᠴᠢ ᠰᠢᠶᠣᠣ ᠶᠠᠨ︶ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠤᠬᠠᠭᠤᠯᠭ᠎ᠠ ᠶᠢᠨ ᠠᠵᠢᠯᠯᠠᠭ᠎ᠠ  ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠢ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽3 · 15 ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠢᠶᠠᠷ ᠠᠵᠠ ᠲᠣᠬᠢᠶᠠᠯ ᠪᠣᠯᠭᠠᠵᠤ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠢ ᠬᠠᠮᠲᠤᠷᠠᠨ᠂ ︽ᠬᠡᠷᠡᠭᠯᠡᠭᠡᠨ ᠤ ᠢᠲᠡᠭᠡᠯ ᠢ ᠨᠡᠮᠡᠭᠳᠡᠭᠦᠯᠵᠦ᠂ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠣᠯᠠᠨ ᠲᠦᠮᠡᠨ ᠤ ᠡᠷᠬᠡ ᠠᠰᠢᠭ ᠢ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠤᠬᠠᠭᠤᠯᠭ᠎ᠠ ᠵᠢᠴᠢ 2023 ᠣᠨ ᠤ ᠬᠥᠬᠡᠬᠤᠲᠠ ᠶᠢᠨ ︽3 · 15︾ ᠤ ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠢ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠭᠠᠯ ᠤᠨᠲᠠᠷᠠᠭᠠᠬᠤ ᠠᠵᠢᠯᠲᠠᠳ 200 ᠭᠠᠷᠤᠢ ᠵᠦᠢᠯ ᠤᠨ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠢ ᠲᠥᠪᠯᠡᠷᠡᠭᠦᠯᠦᠨ ᠤᠰᠠᠳᠬᠠᠪᠠ᠂ ᠡᠭᠦᠨ ᠳᠤ ᠬᠠᠭᠤᠷᠮᠠᠭ ᠴᠢᠨᠠᠷ ᠮᠠᠭᠤ ᠵᠢᠴᠢ ᠬᠡᠷᠡᠭᠯᠡᠭᠡᠨ ᠠᠴᠠ ᠭᠠᠷᠤᠭᠰᠠᠨ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ᠂ ᠭᠠᠯ ᠤᠨᠲᠠᠷᠠᠭᠠᠬᠤ ᠱᠦᠭᠦᠯᠲᠡ ᠮᠠᠶ᠋ᠢᠭ ᠤᠨ ᠥᠪᠡᠷ ᠢ ᠪᠠᠨ ᠠᠪᠤᠷᠠᠬᠤ ᠠᠮᠢᠰᠬᠤᠯ ᠤᠨ ᠮᠠᠰᠢᠨ᠂ ᠭᠠᠯ ᠤᠨᠲᠠᠷᠠᠭᠠᠬᠤ ᠤᠰᠤᠨ ᠭᠤᠤᠷᠰᠤ ᠵᠡᠷᠭᠡ ᠪᠠᠭᠲᠠᠪᠠ᠃      ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠵᠢᠴᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠡᠳᠦᠷ ᠲᠤᠲᠤᠮ ᠤᠨ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠵᠠᠷᠢᠮ ᠭᠠᠯ ᠤᠨᠲᠠᠷᠠᠭᠠᠬᠤ ᠦᠢᠯᠡᠳᠬᠦᠨ ᠳᠤ ᠴᠢᠭᠯᠡᠭᠦᠯᠦᠨ ᠦᠨᠡᠨ ᠬᠤᠳᠠᠯ ᠢ ᠢᠯᠭᠠᠨ ᠲᠠᠨᠢᠬᠤ ᠤᠬᠠᠭᠤᠯᠭ᠎ᠠ ᠬᠢᠵᠦ᠂ ᠨᠢᠭᠡ ᠦᠨᠡᠨ ᠨᠢᠭᠡ ᠬᠤᠳᠠᠯ ᠪᠣᠳᠠᠲᠤ ᠶᠠᠭᠤᠮ᠎ᠠ ᠶᠢ ᠬᠠᠷᠢᠴᠠᠭᠤᠯᠤᠨ ᠤᠰᠤ ᠰᠦᠷᠴᠢᠬᠦ ᠰᠦᠷᠴᠢᠭᠦᠷ᠂ ᠭᠠᠯ ᠤᠨᠲᠠᠷᠠᠭᠠᠬᠤ ᠬᠡᠪᠢᠰ᠂ ᠲᠥᠬᠦᠮ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠤᠰᠤᠨ ᠭᠤᠤᠷᠰᠤ ᠵᠡᠷᠭᠡ ᠶᠢ ᠭᠠᠳᠠᠷ ᠪᠠᠶᠢᠳᠠᠯ᠂ ᠲᠡᠮᠳᠡᠭ᠂ ᠦᠢᠯᠡᠳᠬᠦᠨ ᠤ ᠳ᠋ᠤᠭᠠᠷᠯᠠᠯ ᠢ ᠪᠠᠶᠢᠴᠠᠭᠠᠨ ᠯᠠᠪᠯᠠᠬᠤ ᠵᠡᠷᠭᠡ ᠲᠠᠯ᠎ᠠ ᠪᠠᠷ ᠦᠨᠡᠨ ᠬᠤᠳᠠᠯ ᠢ ᠬᠡᠷᠬᠢᠨ ᠢᠯᠭᠠᠨ ᠲᠠᠨᠢᠬᠤ ᠲᠤᠬᠠᠢ ᠲᠠᠶᠢᠯᠪᠤᠷᠢᠯᠠᠨ ᠶᠠᠷᠢᠵᠠᠢ᠃ ᠲᠣᠰ ᠠᠵᠢᠯᠯᠠᠭ᠎ᠠ ᠳᠤ ᠪᠠᠰᠠ ᠲᠤᠰᠬᠠᠢ ᠮᠡᠷᠭᠡᠵᠢᠯ ᠤᠨ ᠰᠡᠯᠪᠢᠨ ᠵᠠᠰᠠᠬᠤ ᠠᠵᠢᠯᠲᠠᠨ ᠢ ᠤᠷᠢᠵᠤ ᠭᠠᠷ ᠲᠠᠭᠠᠨ ᠪᠠᠷᠢᠭᠰᠠᠨ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ ᠲᠤ ᠳᠠᠷᠤᠯᠲᠠ ᠪᠠᠭᠤᠷᠠᠭᠤᠯᠬᠤ ᠰᠢᠢᠳᠪᠦᠷᠢᠯᠡᠯᠲᠡ ᠬᠢᠯᠭᠡᠵᠦ᠂ ᠣᠯᠠᠨ ᠲᠦᠮᠡᠨ ᠳᠤ ᠦᠨᠡᠨ ᠬᠠᠭᠤᠷᠮᠠᠭ ᠭᠠᠯ ᠤᠨᠲᠠᠷᠠᠭᠠᠭᠤᠷ ᠤᠨ ᠢᠯᠭᠠᠭ᠎ᠠ ᠶᠢ ᠲᠠᠨᠢᠭᠤᠯᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ