ᠮᠠᠨ ᠤ ᠬᠤᠲᠠ 1707 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠪᠠᠭᠤᠯᠭᠠᠵᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠳᠤ ᠲᠤᠰᠠᠯᠠᠪᠠ
ᠨᠡᠶᠢᠲᠡᠯᠡᠭᠰᠡᠨ ᠴᠠᠭ᠄
2023/3/15
      ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠸᠠᠩ ᠰᠢᠸ ᠵᠢᠤᠸᠠᠨ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ 1707 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠪᠠᠭᠤᠯᠭᠠᠵᠤ᠂ ᠬᠤᠲᠠ ᠶᠢᠨ ᠬᠠᠷᠢᠶᠠᠲᠤ 5 ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠡᠷᠡᠭᠯᠡᠪᠡ᠃      ᠪᠦᠬᠦ ᠤᠯᠤᠰ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠪᠥᠬᠦ ᠣᠷᠣᠨ ᠤ ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠳᠦᠷᠢᠮ ᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠳᠠᠬᠢ ︽ᠵᠢᠭᠤᠯᠴᠢᠯᠠᠯ ᠤᠨ ᠦᠢᠯᠡᠴᠢᠯᠡᠭᠡ ᠵᠡᠷᠭᠡ 6 ᠲᠥᠷᠥᠯ ᠤᠨ ᠲᠤᠰᠬᠠᠢ ᠮᠡᠷᠭᠡᠵᠢᠯ ᠤᠨ ᠰᠣᠷᠣᠭᠴᠢ ᠨᠢᠭᠡᠪᠦᠷᠢ ᠳᠤ ᠵᠢᠯ ᠳᠤ 3500 ᠲᠥᠭᠦᠷᠢᠭ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠡᠷᠭᠡ 9 ᠲᠥᠷᠥᠯ ᠤᠨ ᠲᠤᠰᠬᠠᠢ ᠮᠡᠷᠭᠡᠵᠢᠯ ᠤᠨ ᠰᠤᠷᠤᠭᠴᠢ ᠪᠦᠷᠢ ᠵᠢᠯ ᠳᠤ 4000 ᠲᠥᠭᠦᠷᠢᠭ᠂ ᠪᠡᠶ᠎ᠡ ᠶᠢᠨ ᠲᠠᠮᠢᠷ ᠬᠢᠭᠡᠳ ᠪᠡᠶ᠎ᠡ ᠴᠢᠭᠢᠷᠠᠭᠵᠢᠭᠤᠯᠬᠤ ᠵᠡᠷᠭᠡ 3 ᠲᠥᠷᠥᠯ ᠤᠨ ᠲᠤᠰᠬᠠᠢ ᠮᠡᠷᠭᠡᠵᠢᠯ ᠤᠨ ᠰᠣᠷᠣᠭᠴᠢ ᠨᠢᠭᠡᠪᠦᠷᠢ ᠳᠤ ᠵᠢᠯ ᠪᠦᠷᠢ 4500 ᠲᠥᠭᠦᠷᠢᠭ︾ ᠵᠣᠭᠤᠰ ᠰᠠᠯᠭᠠᠨ ᠥᠭᠬᠦ ᠪᠠᠷᠢᠮᠵᠢᠶ᠎ᠠ ᠵᠢᠴᠢ ᠬᠡᠷᠡᠭᠰᠡᠬᠦ ᠵᠠᠷᠤᠳᠠᠯ ᠢ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠡᠷᠬᠢᠯᠡᠵᠦ ᠪᠠᠶᠢᠭ᠎ᠠ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠬᠦ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ︽ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠰᠬᠠᠢ ᠵᠦᠢᠯ ᠤᠨ ᠪᠡᠯᠡ ᠮᠥᠩᠭᠦ ᠶᠢ ᠳᠣᠷᠣᠭᠰᠢ ᠪᠠᠭᠤᠯᠭᠠᠪᠠ᠃      ᠲᠣᠰ ᠲᠥᠷᠥᠯ ᠤᠨ ᠪᠡᠯᠡ ᠮᠥᠩᠭᠦ ᠨᠢ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ 13 ᠲᠤᠰᠬᠠᠢ ᠮᠡᠷᠭᠡᠵᠢᠯ ᠪᠠ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠬᠡᠯᠲᠡᠰ ᠤᠨ 4 ᠲᠤᠰᠬᠠᠢ ᠮᠡᠷᠭᠡᠵᠢᠯ ᠳᠤ ᠬᠤᠯᠪᠣᠭᠳᠠᠵᠤ᠂ 8800 ᠰᠣᠷᠣᠭᠴᠢ ᠶᠢᠨ ᠠᠰᠢᠭ ᠬᠦᠷᠲᠡᠵᠦ᠂ ᠮᠠᠨ ᠤ ᠬᠤᠲᠠ ᠶᠢᠨ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠠᠰᠢᠭᠲᠠᠢ ᠪᠠᠶᠢᠵᠤ᠂ ᠥᠨᠳᠥᠷ ᠬᠡᠪ ᠴᠢᠨᠠᠷ ᠪᠦᠬᠦᠢ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ