ᠬᠤᠷᠢᠨᠭᠡᠷ ᠰᠢᠶᠠᠨ ︽ᠣᠢ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/16
3.16和林格尔县召开“林长+检察长+警长”联席会议.jpg
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠣᠶ ᠰᠢᠭᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠡᠭᠦᠤ ᠶᠢᠨ ᠬᠡᠷᠡᠭ ᠤᠨ ᠬᠠᠤᠯᠢ ᠪᠠᠷᠢᠬᠤ ᠪᠠ ᠪᠠᠶᠢᠴᠠᠭᠠᠬᠤ ᠬᠢᠨᠠᠯᠲᠠ ᠲᠠᠯᠪᠢᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠶᠢᠨ ᠲᠤᠰᠠᠳᠠ᠂ 3 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠱᠠᠲᠤᠨ ᠤ ᠳᠡᠳ᠋ ᠣᠢ ᠰᠢᠭᠤᠢ ᠶᠢᠨ ᠳᠠᠷᠤᠭ᠎ᠠ᠂ ᠰᠢᠶᠠᠨ ᠤ ᠣᠢ ᠰᠢᠭᠤᠢ  ᠶᠢᠨ ᠳᠠᠷᠤᠭ᠎ᠠ ᠶᠢᠨ ᠠᠯᠪᠠᠨ ᠬᠡᠷ ᠤᠨ ᠡᠷᠬᠢᠯᠡᠭᠴᠢ᠂ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ ᠨᠠᠮ ᠵᠠᠰᠠᠭ ᠤᠨ ᠠᠯᠪᠠᠨ ᠠᠰᠠᠷ ᠤᠨ 416 ᠬᠤᠷᠠᠯ ᠤᠨ ᠬᠡᠷ ᠲᠤ ︽ᠣᠢ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠬᠥᠬᠡᠬᠤᠲᠠ ᠶᠢᠨ ︽ᠣᠢ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠣᠢ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠳᠡᠪᠡ︔ ᠰᠢᠶᠠᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠷᠡᠭ ᠢ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠲᠦᠪᠡᠭᠲᠡᠶ ᠠᠰᠠᠭᠤᠳᠠᠯ ᠤᠨ ᠲᠤᠬᠠᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ