ᠬᠥᠬᠡᠬᠤᠲᠠ ᠶᠢᠨ 2023 ᠣᠨ ᠤ ᠳᠡᠭᠡᠷ᠎ᠡ ᠬᠠᠭᠠᠰ ᠵᠢᠯ ᠤᠨ ᠴᠡᠷᠢᠭ ᠲᠤ ᠣᠷᠣᠭᠰᠠᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/3/16
      ︵ᠰᠤᠷᠪᠤᠯᠵᠢᠯᠠᠭᠴᠢ ᠠᠷᠢᠭᠤᠨ᠎ᠠ ᠳᠠᠳᠤᠯᠭ᠎ᠠ ᠶᠢᠨ ᠰᠤᠷᠪᠤᠯᠵᠢᠯᠠᠭᠴᠢ ᠴᠢ ᠰᠢᠨ ᠿᠤ᠋︶ 3 ᠳ᠋ᠤᠭᠠᠷ ᠰᠠᠷ᠎ᠠ ᠶᠢᠨ 15 ᠤ ᠡᠳᠦᠷ᠂ ᠬᠥᠬᠡᠬᠤᠲᠠ ᠶᠢᠨ 2023 ᠣᠨ ᠤ ᠳᠡᠭᠡᠷ᠎ᠡ ᠬᠠᠭᠠᠰ ᠵᠢᠯ ᠤᠨ ᠴᠡᠷᠢᠭ ᠲᠤ ᠣᠷᠣᠭᠰᠠᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠠᠩᠭᠢ ᠳᠤ ᠶᠠᠪᠤᠭᠳᠠᠪᠠ᠃      ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠺᠤᠮᠠᠨᠳᠠᠯᠠᠭᠴᠢ ᠰᠧ ᠰᠢᠶᠣᠣ ᠶᠠᠩ᠂ ᠬᠤᠳᠠ ᠶᠢᠨ ᠳᠡᠳ᠋ ᠳᠠᠷᠤᠭ᠎ᠠ ᠮᠠ ᠪᠢᠩ ᠴᠢᠤᠸᠠᠨ ᠨᠠᠷ ᠣᠷᠣᠯᠴᠠᠪᠠ᠃      ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠤᠳᠤᠷᠢᠳᠤᠯᠭ᠎ᠠ ᠠᠴᠠ ᠤᠳᠠᠯ ᠦᠭᠡᠢ ᠴᠡᠷᠢᠭ ᠤᠨ ᠬᠤᠸᠠᠷᠠᠨ ᠳᠤ ᠣᠷᠣᠬᠤ ᠭᠡᠵᠦ ᠪᠠᠶᠢᠭ᠎ᠠ ᠰᠢᠨ᠎ᠡ ᠴᠡᠷᠢᠭ ᠤᠳ ᠲᠤ ᠬᠠᠯᠠᠭᠤᠨ ᠪᠠᠶᠠᠷ ᠬᠦᠷᠭᠡᠵᠦ᠂ ᠦᠷ᠎ᠡ ᠬᠡᠦᠬᠡᠳ ᠤᠨ ᠢᠶᠠᠨ ᠴᠡᠷᠢᠭ ᠲᠤ ᠣᠷᠣᠬᠤ ᠶᠢ ᠢᠳᠡᠪᠬᠢᠲᠡᠢ ᠳᠡᠮᠵᠢᠭᠰᠡᠨ ᠭᠡᠷ ᠤᠨ ᠠᠬᠠᠮᠠᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠰᠢᠨ᠎ᠡ ᠴᠡᠷᠢᠭ ᠤᠳ ᠴᠡᠷᠢᠭ ᠲᠤ ᠣᠷᠣᠵᠤ ᠪᠣᠯᠪᠠᠰᠤᠷᠠᠬᠤ ᠵᠠᠪᠰᠢᠶᠠᠨ ᠢᠶᠠᠨ ᠨᠠᠨᠳᠢᠩᠨᠠᠵᠤ᠂ ᠥᠪᠡᠷ ᠤᠨ ᠡᠭᠦᠷᠭᠡᠯᠡᠵᠦ ᠪᠠᠶᠢᠭ᠎ᠠ ᠢᠷᠠᠭᠤ ᠠᠯᠳᠠᠷᠲᠤ ᠡᠭᠦᠷᠭᠡ ᠪᠣᠯᠣᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠴᠡᠷᠢᠭ ᠤᠨ ᠬᠤᠸᠠᠷᠠᠨ ᠳᠠᠭᠠᠨ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠨᠢᠭᠡᠨ ᠭᠠᠷᠮᠠᠭᠠᠢ ᠴᠡᠷᠢᠭ ᠤᠨ ᠬᠥᠮᠥᠨ ᠪᠣᠯᠬᠤ ᠪᠠᠷ ᠴᠢᠷᠮᠠᠶᠢᠵᠤ᠂ ᠨᠤᠲᠤᠭ ᠤᠰᠤᠨ ᠳᠠᠭᠠᠨ ᠡᠷᠲᠡᠬᠡᠨ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠬᠦᠷᠭᠡᠬᠦ ᠶᠢ ᠬᠦᠰᠡᠵᠦ ᠪᠠᠶᠢᠨ᠎ᠠ᠃ ᠵᠠᠭᠤ ᠭᠠᠷᠤᠢ ᠰᠢᠨ᠎ᠡ ᠴᠡᠷᠢᠭ ᠴᠡᠷᠢᠭ ᠤᠨ ᠬᠤᠸᠠᠷᠠᠨ ᠤ ᠰᠤᠷᠭᠠᠭᠤᠯᠢᠯᠠᠯ ᠠᠮᠢᠳᠤᠷᠠᠯ ᠳᠤ ᠠᠯᠢ ᠲᠦᠷᠭᠡᠨ ᠢᠶᠠᠷ ᠵᠣᠬᠢᠴᠠᠵᠤ᠂ ᠣᠯᠠᠨ ᠤ ᠳᠣᠲᠣᠨᠣ ᠬᠦᠰᠡᠯ ᠨᠠᠶᠢᠳᠠᠯᠭ᠎ᠠ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠯᠢᠭᠡᠷ ᠳᠠᠭᠤᠷᠢᠶᠠᠯ ᠵᠢᠱᠢᠶᠡᠴᠢ ᠪᠣᠯᠬᠤ ᠪᠠᠷ ᠴᠢᠷᠮᠠᠶᠢᠵᠤ᠂ ᠨᠤᠲᠤᠭ ᠤᠰᠤᠨ ᠳᠠᠭᠠᠨ ᠥᠩᠭᠡ ᠭᠡᠷᠡᠯ ᠨᠡᠮᠡᠵᠦ᠂ ᠡᠬᠡ ᠣᠷᠣᠨ ᠢᠶᠠᠨ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠢ᠃      ᠣᠶᠢᠯᠠᠭᠠᠭᠰᠠᠨ ᠢᠶᠠᠷ ᠡᠨᠡ ᠵᠢᠯ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠬᠤᠲᠠ ᠶᠢᠨ ᠴᠡᠷᠢᠭ ᠠᠩᠭᠢ ᠪᠠ ᠣᠷᠣᠨ ᠨᠤᠲᠤᠭ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠡᠷᠢᠭ ᠡᠯᠰᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠪᠡᠶ᠎ᠡ ᠶᠢᠨ ᠪᠠᠶᠢᠴᠠᠭᠠᠯᠲᠠ ᠤᠯᠤᠰ ᠲᠥᠷᠥ ᠶᠢᠨ ᠰᠢᠯᠭᠠᠯᠲᠠ ᠶᠢ ᠴᠢᠩᠳᠠᠯᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠶᠢ ᠴᠢᠩᠭ᠎ᠠ ᠠᠳᠬᠤᠨ᠂ ᠴᠡᠷᠢᠭ ᠡᠯᠰᠡᠬᠦ ᠠᠵᠢᠯ ᠳᠤ ᠦᠷᠭᠦᠯᠵᠢᠯᠡᠨ ᠥᠭᠡᠳᠡᠯᠡᠨ ᠰᠠᠶᠢᠵᠢᠷᠠᠬᠤ ᠬᠠᠨᠳᠤᠰᠢ ᠢᠯᠡᠷᠡᠵᠦ᠂ ᠴᠡᠷᠢᠭ ᠤᠨ ᠴᠢᠨᠠᠷ ᠴᠢᠨᠰᠠᠭ᠎ᠠ ᠥᠩᠭᠡᠷᠡᠭᠰᠡᠨ ᠵᠢᠯ ᠤᠳ ᠠᠴᠠ ᠢᠯᠡᠳᠲᠡ ᠳᠡᠭᠡᠭᠰᠢᠯᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ