ᠭᠤᠣᠯᠳᠠᠯᠭ᠎ᠠ ᠲᠠᠢ ᠰᠢᠪᠲᠤᠯᠤᠯᠲᠠ ᠪᠠᠷ ᠶᠡᠷᠦᠩᠬᠡᠢ ᠳᠡᠭᠡᠭᠰᠢᠯᠡᠯᠲᠡ ᠶᠢ ᠳᠠᠶᠢᠴᠢᠯᠠᠵᠤ ᠡᠭᠦᠳᠦᠨ ᠪᠠᠶᠢᠭᠤᠯᠬᠤ ᠠᠵᠢᠯ ᠢ ᠪᠥᠬᠦ ᠬᠤᠷᠳᠤᠴᠠ ᠪᠠᠷ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/3/16
ᠾᠧ ᠬᠠᠢ ᠳ᠋ᠦᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠮᠠᠨ ᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠪᠠ      ︵ᠰᠤᠷᠪᠤᠯᠵᠢᠯᠠᠭᠴᠢ ᠠᠷᠢᠭᠤᠨ᠎ᠠ︶ 3 ᠳ᠋ᠤᠭᠠᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠮᠠᠨ ᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠳᠠᠯ ᠢ ᠪᠠᠶᠢᠴᠠᠭᠠᠨ ᠨᠥᠬᠦᠪᠦᠷᠢᠯᠡᠬᠦ ᠶᠢ ᠴᠢᠬᠤᠯᠠᠴᠢᠯᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠳᠤᠪᠤᠶᠢᠯᠭᠠᠵᠤ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠶᠡᠷᠦᠩᠬᠡᠢ ᠳᠡᠭᠡᠭᠰᠢᠯᠡᠯᠲᠡ ᠶᠢ ᠳᠠᠶᠢᠴᠢᠯᠠᠵᠤ᠂ ᠡᠭᠦᠳᠦᠨ ᠪᠠᠶᠢᠭᠤᠯᠬᠤ ᠠᠵᠢᠯ ᠢ ᠪᠦᠬᠦ ᠬᠤᠷᠳᠤᠴᠠ ᠪᠠᠷ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠤᠷᠢᠳ ᠬᠤᠵᠢᠳ ᠬᠥᠬᠡᠬᠤᠲᠠ ᠶᠢᠨ ᠭᠠᠯᠲᠤ ᠲᠡᠷᠭᠡᠨ ᠤ ᠥᠷᠲᠡᠭᠡ᠂ ᠬᠥᠬᠡᠬᠤᠲᠠ ᠶᠢᠨ ᠮᠠᠰᠢᠨ ᠲᠡᠷᠭᠡᠨ ᠤ ᠥᠷᠲᠡᠭᠡ᠂ ᠬᠤᠲᠣᠩ ᠠᠷᠠᠳ ᠤᠨ ᠲᠣᠭᠤᠷᠢᠭ ᠤᠨ ᠪᠠᠶᠠᠨᠨᠠᠭᠤᠷ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠪᠠᠶᠢᠰᠢᠩ ᠢ ᠥᠭᠡᠷᠡᠴᠢᠯᠡᠨ ᠵᠠᠰᠠᠬᠤ ᠲᠣᠭᠤᠷᠢᠭ᠂ ᠢᠦᠢ ᠴᠢᠤᠸᠠᠨ ᠲᠣᠭᠤᠷᠢᠭ ᠤᠨ ᠺᠠᠢ ᠲᠠᠢ ᠵᠠᠬ᠎ᠠ ᠳᠡᠯᠭᠡᠭᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠡᠷ ᠪᠦᠯᠢ ᠶᠢᠨ ᠲᠣᠭᠤᠷᠢᠭ ᠤᠨ ᠵᠡᠭᠦᠨ ᠲᠣᠭᠤᠷᠢᠭ᠂ ᠬᠠᠷᠢᠶᠠᠲᠤ ᠳᠤᠮᠳᠠᠳᠤ ᠰᠤᠷᠭᠠᠭᠤᠯᠢ ᠶᠢᠨ ᠵᠡᠭᠦᠨ ᠭᠤᠳᠤᠮᠵᠢ᠂ ᠲᠤᠸ ᠯᠢ ᠭᠤᠳᠤᠮᠵᠢ ᠵᠡᠷᠭᠡ ᠭᠠᠵᠠᠷ ᠲᠤ ᠬᠦᠷᠴᠦ᠂ ᠵᠡᠭᠡᠯᠢ ᠭᠤᠳᠤᠮᠵᠢ ᠪᠠᠷ ᠶᠠᠪᠤᠨ ᠬᠤᠷᠢᠶᠠᠯᠠᠯ ᠳᠤ ᠣᠷᠣᠨ ᠵᠠᠬ᠎ᠠ ᠳᠡᠯᠭᠡᠭᠦᠷ ᠢ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ ᠡᠯ᠎ᠡ ᠨᠢᠭᠡᠴᠡ ᠶᠢ ᠪᠠᠷᠢᠮᠵᠢᠶ᠎ᠠ ᠬᠦᠰᠦᠨᠦᠭᠲᠦ ᠲᠠᠢ ᠬᠠᠷᠭᠤᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠬᠡᠷᠡᠭᠲᠡᠢ ᠭᠡᠵᠦ ᠱᠠᠭᠠᠷᠳᠠᠪᠠ᠃      ᠾᠧ ᠬᠠᠢ ᠳ᠋ᠦᠩ ᠰᠢᠮᠳᠠᠭᠤᠯᠤᠨ ᠪᠠᠶᠢᠴᠠᠭᠠᠬᠤ ᠳᠤᠮᠳᠠ ᠳᠤ ᠢᠯᠡᠷᠡᠭᠦᠯᠦᠭᠰᠡᠨ ᠵᠠᠮ ᠤᠨ ᠭᠠᠳᠠᠷᠭᠤ ᠶᠢ ᠰᠡᠯᠪᠢᠨ ᠵᠠᠰᠠᠬᠤ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ᠂ ᠵᠠᠮ ᠬᠠᠷᠢᠯᠴᠠᠭᠠᠨ ᠤ ᠲᠡᠮᠳᠡᠭ ᠱᠤᠭᠤᠮ᠂ ᠲᠡᠷᠭᠡ ᠤᠨᠤᠭ᠎ᠠ ᠵᠣᠭᠰᠣᠭᠠᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠵᠢᠴᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠱᠠᠭᠠᠷᠳᠠᠭᠰᠠᠨ ᠨᠢ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠳᠦᠨ ᠪᠠᠶᠢᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠡᠵᠡᠮᠰᠢᠵᠦ᠂ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠴᠢᠩᠭ᠎ᠠ ᠬᠠᠷᠢᠴᠠᠭᠤᠯᠵᠤ᠂ ᠵᠡᠭᠡᠯᠢ ᠭᠤᠳᠤᠮᠵᠢ᠂ ᠬᠠᠭᠤᠴᠢᠨ ᠬᠤᠷᠢᠶᠠᠯᠠᠯ᠂ ᠬᠥᠳᠡᠭᠡ ᠠᠵᠤ ᠠᠬᠤᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠳᠤᠲᠠᠭᠤ ᠪᠠᠭᠤᠷᠠᠢ ᠵᠦᠢᠯᠡᠰ ᠢ ᠪᠦᠬᠦ ᠲᠠᠯ᠎ᠠ ᠪᠠᠷ ᠪᠠᠶᠢᠴᠠᠭᠠᠨ ᠡᠮᠬᠢᠯᠡᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠲᠦᠷᠭᠡᠨ ᠴᠡᠭᠴᠡᠯᠡᠨ ᠰᠠᠶᠢᠵᠢᠷᠠᠭᠤᠯᠵᠤ᠂ ᠪᠦᠬᠦᠨ ᠢ ᠰᠢᠢᠳᠪᠦᠷᠢᠯᠡᠵᠦ᠂ ᠲᠠᠬᠢᠨ ᠳᠠᠪᠲᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠢᠭᠲᠠ ᠬᠠᠷᠢᠯᠴᠠᠨ ᠬᠠᠮᠵᠢᠯᠴᠠᠵᠤ ᠂ ᠡᠭᠦᠳᠦᠨ ᠪᠠᠶᠢᠭᠤᠯᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠬᠠᠮᠢᠶ᠎ᠠ ᠪᠦᠬᠦᠢ ᠣᠷᠣᠨ ᠪᠠᠶᠢᠷᠢ ᠶᠢ ᠪᠠᠶᠢᠩᠭᠤ ᠪᠠᠷᠢᠮᠲᠠᠯᠠᠬᠤ ᠬᠡᠷᠡᠭᠲᠡᠢ᠃ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠡᠢ᠃      ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ