︵ᠰᠤᠷᠪᠤᠯᠵᠢᠯᠠᠭᠴᠢ ᠴᠢ ᠰᠢᠶᠣᠣ ᠶᠠᠨ︶ ︽3·15︾ ᠤ ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠪᠣᠯᠬᠤ ᠲᠠᠰᠢᠷᠠᠮ ᠢᠶᠠᠷ᠂ ᠮᠠᠨ ᠤ ᠬᠤᠳᠠ ᠶᠢᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠠᠨ ᠲᠠᠯ᠎ᠠ ᠠᠴᠠ᠂ ᠤᠯᠠᠨ ᠬᠠᠷᠠᠭᠠᠰᠤ ᠠᠴᠠ᠂ ᠤᠯᠠᠨ ᠠᠭᠤᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠬᠡᠷᠡᠭᠯᠡᠭᠡᠨ ᠤ ᠢᠲᠡᠭᠡᠯ ᠢ ᠨᠡᠮᠡᠭᠳᠡᠭᠦᠯᠦᠨ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠷᠡᠭᠯᠡᠭᠴᠢᠳ ᠢ ᠰᠡᠳᠬᠢᠯ | ᠲᠠᠶᠢᠪᠤᠩ᠂ ᠰᠠᠨᠠᠭ᠎ᠠ ᠠᠮᠤᠷ᠂ ᠪᠣᠳᠣᠯ ᠳᠤ ᠲᠠᠭᠠᠲᠠᠢ ᠬᠡᠷᠡᠭᠯᠡᠭᠡ ᠳᠤ ᠣᠷᠣᠯᠴᠠᠭᠤᠯᠵᠠᠢ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠡᠷᠡᠭᠯᠡᠭᠡ ᠶᠢᠨ ᠢᠲᠡᠭᠡᠯ ᠵᠣᠷᠢᠭ ᠢ ᠬᠥᠭᠵᠢᠭᠡᠬᠦ︾ ᠣᠨ ᠤ ᠭᠤᠣᠯ ᠰᠡᠳᠦᠪ ᠤᠨ | ᠲᠣᠭᠤᠷᠢᠨ ᠳᠤ᠂ ᠤᠬᠠᠭᠤᠯᠭ᠎ᠠ ᠶᠢᠨ ᠮᠠᠲ᠋ᠧᠷᠢᠶᠠᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠠᠷᠤᠮᠠᠯᠯᠠᠵᠤ᠂ ᠤᠬᠠᠭᠤᠯᠭ᠎ᠠ ᠶᠢᠨ ᠸᠢᠳᠢᠤ᠋ ᠵᠣᠬᠢᠶᠠᠵᠤ᠂ ᠰᠦᠪᠡᠭᠴᠢ ᠴᠤᠭᠯᠠᠭᠤᠯᠬᠤ᠂ | ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ᠂ ᠬᠡᠷᠡᠭᠯᠡᠭᠡ ᠶᠢᠨ ᠰᠠᠨᠠᠭᠤᠯᠤᠮᠵᠢ ᠵᠡᠷᠭᠡ ᠬᠡᠯᠪᠡᠷᠢ ᠪᠠᠷ ᠪᠥᠬᠦ ᠲᠠᠯ᠎ᠠ ᠶᠢᠨ᠂ ᠣᠯᠠᠨ ᠲᠠᠯ᠎ᠠ ᠶᠢᠨ ᠤᠬᠠᠭᠤᠯᠭ᠎ᠠ ᠬᠢᠵᠡᠢ᠃ ᠡᠭᠦᠨ ᠤ | ᠬᠠᠮᠲᠤ ᠣᠯᠠᠨ ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠲᠠᠶᠢᠯᠤᠮᠵᠢ ᠬᠢᠬᠦ | ᠂ ᠱᠠᠩᠨᠠᠯ ᠲᠠᠢ ᠠᠰᠠᠭᠤᠯᠲᠠ ᠬᠠᠷᠢᠭᠤᠯᠲᠠ᠂ ᠲᠤᠬᠠᠢ ᠶᠢᠨ ᠲᠠᠯᠠᠪᠤᠷ ᠲᠤ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠲᠣᠬᠢᠷᠠᠭᠤᠯᠬᠤ᠂ ᠠᠵᠢᠯ ᠤᠨ | ᠦᠷ᠎ᠡ ᠪᠦᠲᠦᠭᠡᠯ ᠢᠶᠠᠨ ᠳᠡᠯᠭᠡᠨ ᠦᠵᠡᠭᠦᠯᠬᠦ᠂ ᠬᠡᠷᠡᠭᠯᠡᠭᠴᠢᠳ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠠᠰᠠᠭᠤᠨ ᠯᠠᠪᠯᠠᠵᠤ ᠭᠥᠯᠢᠶᠡᠨ ᠠᠪᠴᠤ ᠰᠢᠢᠳᠪᠦᠷᠢᠯᠡᠬᠦ ᠵᠢᠴᠢ | ᠨᠡᠷᠡᠲᠦ ᠰᠢᠯᠢᠳᠡᠭ ᠠᠵᠤ ᠠᠬᠤᠶᠢᠯᠠᠯ ᠤᠨ ᠦᠢᠯᠡᠳᠬᠦᠨ ᠢ ᠲᠥᠪᠯᠡᠷᠡᠭᠦᠯᠦᠨ ᠳᠡᠯᠭᠡᠨ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ | ᠬᠠᠤᠯᠢ︾ ᠵᠡᠷᠭᠡ ᠥᠷᠭᠡᠨ ᠣᠯᠠᠨ ᠬᠡᠷᠡᠭᠯᠡᠭᠴᠢᠳ ᠤᠨ ᠦᠨᠡᠨ ᠪᠣᠳᠠᠲᠠᠢ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠢ ᠥᠷᠭᠡᠨ ᠢᠶᠠᠷ ᠤᠬᠠᠭᠤᠯᠵᠤ᠂ ᠬᠠᠨᠳᠤᠯᠭ᠎ᠠ ᠲᠠᠢ ᠪᠠᠷ ᠬᠡᠷᠡᠭᠯᠡᠭᠴᠢᠳ ᠲᠤ ᠬᠠᠮᠢᠶ᠎ᠠ ᠪᠦᠬᠦᠢ ᠲᠠᠸᠠᠷ ᠪᠣᠯᠣᠨ ᠦᠢᠯᠡᠴᠢᠯᠡᠭᠡᠨ ᠤ ᠮᠡᠳᠡᠯᠭᠡ ᠶᠢ ᠲᠦᠭᠡᠮᠡᠯᠵᠢᠭᠦᠯᠵᠦ᠂ | ᠥᠷᠭᠡᠨ ᠣᠯᠠᠨ ᠬᠡᠷᠡᠭᠯᠡᠭᠴᠢᠳ ᠤᠨ ᠡᠳᠦᠷ ᠲᠤᠲᠤᠮ ᠤᠨ ᠬᠡᠷᠡᠭᠯᠡᠭᠡᠨ ᠤ ᠳᠤᠮᠳᠠ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ | ᠢᠳᠡᠪᠬᠢᠲᠡᠢ ᠪᠠᠷ ᠬᠠᠷᠢᠭᠤᠯᠲᠠ ᠥᠭᠴᠦ᠂ ᠬᠠᠭᠤᠷᠮᠠᠭ ᠴᠢᠨᠠᠷ ᠮᠠᠭᠤ ᠲᠠᠸᠠᠷ ᠲᠤ ᠴᠣᠬᠢᠯᠲᠠ ᠥᠭᠴᠦ ᠡᠷᠬᠡ ᠪᠠᠨ ᠬᠠᠮᠠᠭᠠᠯᠠᠬᠤ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ᠂ | ᠢᠳᠡᠭᠡᠨ ᠪᠠ ᠡᠮ ᠤᠨ ᠵᠦᠢᠯ ᠵᠡᠷᠭᠡ ᠲᠠᠸᠠᠷ ᠢ ᠬᠤᠳᠠᠯᠳᠤᠨ ᠠᠪᠴᠤ ᠬᠡᠷᠡᠭᠯᠡᠬᠦ ᠶᠡᠷᠦ ᠶᠢᠨ ᠮᠡᠳᠡᠯᠭᠡ ᠵᠡᠷᠭᠡ ᠭᠤᠷᠪᠠᠨ ᠭᠤᠣᠯᠳᠠᠯᠭ᠎ᠠ ᠶᠢᠨ ᠲᠣᠭᠤᠷᠢᠨ ᠳᠤ᠂ ᠦᠨᠡᠨᠴᠢ ᠢᠲᠡᠭᠡᠮᠵᠢ ᠶᠢᠨ | ᠬᠥᠮᠦᠵᠢᠯ ᠢ ᠥᠷᠨᠢᠭᠦᠯᠵᠦ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠴᠢᠩᠭᠠᠳᠬᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠨᠡᠶᠢᠭᠡᠮ ᠤᠨ ᠮᠡᠳᠡᠬᠦ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠥᠷᠭᠡᠨ ᠣᠯᠠᠨ ᠬᠡᠷᠡᠭᠯᠡᠭᠴᠢᠳ ᠤᠨ | ᠬᠠᠤᠯᠢ ᠶᠢ ᠰᠤᠷᠴᠤ ᠬᠠᠤᠯᠢ ᠶᠢ ᠮᠡᠳᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠤᠯᠠᠮ ᠢᠶᠠᠷ ᠥᠷᠭᠡᠨ ᠣᠯᠠᠨ ᠬᠡᠷᠡᠭᠯᠡᠭᠴᠢᠳ ᠤᠨ ᠢᠲᠡᠭᠡᠯ ᠢ ᠨᠡᠮᠡᠭᠳᠡᠭᠦᠯᠪᠡ᠃ | ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠪᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠣᠨᠴᠠ | ᠲᠥᠷᠥᠯ ᠤᠨ ᠲᠥᠬᠦᠭᠡᠷᠦᠮᠵᠢ᠂ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠵᠡᠷᠭᠡ ᠭᠤᠣᠯ ᠠᠭᠤᠯᠭ᠎ᠠ ᠶᠢᠨ ᠲᠣᠭᠤᠷᠢᠨ ᠳᠤ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ᠂ ︽ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠵᠡᠭᠡᠯᠢ︾ ᠶᠢ ᠪᠠᠶᠢᠭᠤᠯᠬᠤ᠂ ᠪᠦᠬᠦ ᠤᠯᠤᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠬᠦ ᠵᠡᠷᠭᠡ ᠭᠤᠣᠯ ᠠᠵᠢᠯ ᠲᠠᠢ ᠤᠶᠠᠯᠳᠤᠭᠤᠯᠤᠨ᠂ ᠬᠠᠤᠯᠢ ᠴᠠᠭᠠᠵᠠ ᠶᠢ ᠠᠵᠤ ᠠᠬᠤᠶᠢᠯᠠᠯ ᠳᠤ ᠬᠦᠷᠭᠡᠬᠦ᠂ ᠨᠡᠶᠢᠭᠡᠮ ᠲᠣᠭᠤᠷᠢᠭ ᠲᠤ | ᠬᠦᠷᠭᠡᠬᠦ᠂ ᠬᠥᠳᠡᠭᠡ ᠲᠣᠰᠬᠤᠨ ᠳᠤ ᠬᠦᠷᠭᠡᠬᠦ᠂ ᠰᠢᠶᠠᠩ ᠪᠠᠯᠭᠠᠰᠤᠨ ᠳᠤ ᠬᠦᠷᠭᠡᠬᠦ᠂ ᠦᠵᠡᠮᠵᠢ ᠶᠢᠨ ᠣᠷᠣᠨ ᠳᠤ ᠬᠦᠷᠭᠡᠬᠦ ᠵᠡᠷᠭᠡ ︽ᠬᠠᠤᠯᠢ ᠴᠠᠭᠠᠵᠠ ᠶᠢ ᠦᠨᠳᠦᠰᠦᠨ ᠱᠠᠲᠤᠨ ᠳᠤ | ᠬᠦᠷᠭᠡᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠦᠨᠡᠨᠴᠢ ᠢᠲᠡᠭᠡᠮᠵᠢ ᠶᠢᠨ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ | ᠡᠵᠡᠩᠨᠡᠭᠴᠢᠳ ᠤᠨ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠰᠠᠨᠠᠭᠠᠴᠢᠯᠠᠵᠤ᠂ ᠲᠠᠸᠠᠷ ᠪᠠ ᠬᠤᠯᠪᠣᠭᠳᠠᠯ ᠪᠦᠬᠦᠢ ᠦᠢᠯᠡᠴᠢᠯᠡᠭᠡᠨ ᠤ ᠶᠠᠰᠤ ᠴᠢᠨᠠᠷ ᠤᠨ | ᠳᠡᠭᠡᠭᠰᠢᠯᠡᠯᠲᠡ ᠶᠢ ᠲᠠᠰᠤᠷᠠᠯᠲᠠ ᠦᠭᠡᠢ ᠠᠬᠢᠭᠤᠯᠪᠠ᠃ ᠡᠭᠦᠨ ᠠᠴᠠ ᠭᠠᠳᠠᠨ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶ᠎ᠠ | ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠦᠨᠳᠦᠰᠦᠨ ᠱᠠᠲᠤᠨ ᠤ ᠬᠡᠷᠡᠭᠯᠡᠭᠴᠢᠳ ᠤᠨ ᠨᠡᠶᠢᠭᠡᠮᠯᠢᠭ ︵ᠬᠤᠪᠢᠶᠠᠷᠢ ᠨᠡᠶᠢᠭᠡᠮᠯᠢᠭ︶ ᠢ | ᠵᠢᠯᠣᠭᠤᠳᠤᠨ᠂ ᠬᠠᠮᠢᠶ᠎ᠠ ᠪᠦᠬᠦᠢ ᠬᠡᠷᠡᠭ ᠡᠷᠬᠢᠯᠡᠭᠴᠢ᠂ ᠪᠦᠷᠢᠯᠳᠦᠭᠦᠨ ᠨᠢᠭᠡᠴᠡ ᠶᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠵᠤ᠂ ᠬᠠᠷᠢᠶᠠᠲᠤ | ᠣᠷᠣᠨ ᠤ ᠣᠨᠴᠠᠯᠢᠭ ᠢ ᠦᠨᠳᠦᠰᠦᠯᠡᠵᠦ᠂ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ | ᠲᠦᠷᠦᠭᠦᠯᠡᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠨ ︽ᠵᠠᠬ᠎ᠠ ᠳᠡᠯᠭᠡᠭᠦᠷ ︵ᠬᠤᠳᠠᠯᠳᠤᠭᠠᠨ ᠤ ᠳᠡᠯᠭᠡᠭᠦᠷ ᠬᠡᠳᠦ | ᠳᠡᠯᠭᠡᠭᠦᠷ︶᠂ ᠠᠵᠤ ᠠᠬᠤᠶᠢᠯᠠᠯ᠂ ᠬᠥᠳᠡᠭᠡ ᠲᠣᠰᠬᠤᠨ ︵ᠮᠠᠯᠵᠢᠬᠤ ᠣᠷᠣᠨ︶᠂ ᠨᠡᠶᠢᠭᠡᠮ ᠲᠣᠭᠤᠷᠢᠭ᠂ ᠰᠤᠷᠭᠠᠭᠤᠯᠢ ᠳᠤ ᠣᠷᠣᠭᠤᠯᠬᠤ︾ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠳᠤ ᠠᠩᠬᠠᠷᠤᠯ ᠶᠡᠬᠡᠲᠡᠢ᠂ ᠭᠥᠯᠢᠶᠡᠨ ᠠᠪᠤᠭᠴᠢᠳ ᠤᠨ ᠬᠠᠮᠤᠷᠬᠤ ᠬᠡᠪᠴᠢᠶ᠎ᠡ ᠥᠷᠭᠡᠨ ᠪᠠᠶᠢᠳᠠᠭ ᠣᠨᠴᠠᠯᠢᠭ ᠲᠤ ᠴᠢᠭᠯᠡᠭᠦᠯᠦᠨ | ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠳᠤ ᠲᠥᠬᠦᠮ ᠦᠵᠡᠭᠦᠯᠬᠦ ᠪᠠᠷ ᠵᠣᠷᠢᠯᠲᠠ ᠪᠣᠯᠭᠠᠵᠤ᠂ ᠡᠷᠬᠡ ᠪᠠᠨ ᠬᠠᠮᠠᠭᠠᠯᠠᠬᠤ ᠶᠢᠨ ᠰᠢᠭᠤᠳ ᠨᠡᠪᠲᠡᠷᠡᠭᠦᠯᠭᠡ᠂ ᠰᠢᠨ᠎ᠡ ᠬᠠᠤᠯᠢ ᠶᠢᠨ | ᠲᠠᠶᠢᠯᠤᠮᠵᠢ᠂ ᠱᠠᠩᠨᠠᠯ ᠲᠠᠢ ᠠᠰᠠᠭᠤᠯᠲᠠ ᠬᠠᠷᠢᠭᠤᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠨᠡᠶᠢᠭᠡᠮ ᠳᠠᠶᠠᠭᠠᠷ ᠲᠤ ᠥᠷᠭᠡᠨ ᠢᠶᠠᠷ ᠤᠬᠠᠭᠤᠯᠵᠤ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠥᠷᠲᠡᠭᠡ ᠶᠢᠨ ᠨᠡᠶᠢᠲᠡᠯᠢᠭ ᠵᠢᠱᠢᠶ᠎ᠡ | ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠪᠠ᠃ | ᠡᠭᠦᠨ ᠤ ᠬᠠᠮᠲᠤ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠮᠳᠠᠭᠤᠯᠤᠨ ᠪᠠᠶᠢᠴᠠᠭᠠᠬᠤ ᠪᠠ ᠵᠢᠵᠢᠭᠦᠷᠯᠡᠬᠦ ᠠᠵᠢᠯ ᠢᠶᠠᠨ | ᠴᠢᠩᠭᠠᠳᠬᠠᠵᠤ᠂ ᠬᠡᠷᠡᠭᠯᠡᠭᠴᠢᠳ ᠤᠨ ᠡᠯ᠎ᠡ ᠲᠥᠷᠥᠯ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤᠨᠢ ᠰᠢᠯᠵᠢᠭᠦᠯᠦᠨ ᠭᠦᠢᠴᠡᠳᠬᠡᠬᠦ ᠪᠠ ᠰᠢᠢᠳᠪᠦᠷᠢᠯᠡᠵᠦ᠂ | ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠬᠤ᠂ ᠠᠰᠠᠭᠤᠨ ᠬᠠᠷᠢᠭᠤᠯᠬᠤ᠂ ᠪᠠᠶᠢᠴᠠᠭᠠᠨ ᠰᠢᠢᠳᠪᠦᠷᠢᠯᠡᠬᠦ᠂ ᠮᠡᠳᠡᠭᠡ ᠵᠠᠩᠭᠢ ᠶᠢᠨ ᠬᠠᠷᠢᠭᠤ ᠲᠤᠰᠬᠠᠯ ᠢ ᠲᠦᠷᠭᠡᠨ ᠰᠢᠢᠳᠪᠦᠷᠢᠯᠡᠬᠦ ᠪᠠ | ᠴᠠᠭ ᠲᠤᠬᠠᠢ ᠳᠤᠨᠢ ᠮᠡᠳᠡᠭᠦᠯᠬᠦ ᠶᠢ ᠪᠡᠶᠡᠯᠡᠭᠦᠯᠵᠦ᠂ ᠥᠷᠭᠡᠨ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ ᠲᠦᠪᠡᠭᠲᠡᠢ ᠠᠰᠠᠭᠤᠳᠠᠯ ᠢ ᠢᠳᠡᠪᠬᠢᠲᠡᠢ ᠪᠥᠭᠡᠳ | ᠪᠦᠲᠦᠮᠵᠢᠲᠡᠶ ᠰᠢᠢᠳᠪᠦᠷᠢᠯᠡᠵᠦ᠂ ᠬᠡᠷᠡᠭᠯᠡᠭᠡᠨ ᠤ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠪᠡ᠃ ᠡᠯ᠎ᠡ ᠲᠥᠷᠥᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠢ ᠲᠥᠪᠯᠡᠷᠡᠭᠦᠯᠦᠨ ᠤᠰᠠᠳᠬᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ︽ᠬᠡᠷᠡᠭ ᠪᠠᠶᠢᠪᠠᠯ ᠵᠠᠪᠠᠯ ᠪᠠᠶᠢᠴᠠᠭᠠᠵᠤ᠂ ᠪᠠᠶᠢᠴᠠᠭᠠᠪᠠᠯ ᠵᠠᠪᠠᠯ ᠰᠢᠢᠳᠪᠦᠷᠢᠯᠡᠬᠦ︾ ᠶᠢ ᠪᠠᠷᠢᠮᠲᠠᠯᠠᠨ᠂ ᠬᠡᠷᠡᠭᠯᠡᠭᠴᠢᠳ ᠤᠨ ᠡᠷᠬᠡ ᠠᠰᠢᠭ ᠲᠤ | ᠬᠠᠯᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠣᠷᠴᠢᠨ ᠲᠣᠭᠤᠷᠢᠨ ᠢ | ᠤᠯᠠᠮ ᠨᠢᠭᠡ ᠠᠯᠬᠤᠮ ᠴᠡᠪᠡᠷᠰᠢᠭᠦᠯᠪᠡ᠃ |