3 ᠳ᠋ᠤᠭᠠᠷ ᠰᠠᠷ᠎ᠠ ᠶᠢᠨ 13 ᠤ ᠡᠳᠦᠷ᠂ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠢᠳᠡᠪᠬᠢᠲᠡᠢ | ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠪᠠ ᠬᠢᠨᠠᠨ ᠰᠢᠯᠭᠠᠷᠠᠭᠤᠯᠵᠤ ᠮᠠᠭᠠᠳᠯᠠᠨ ᠲᠣᠭᠲᠠᠭᠠᠭᠰᠠᠨ ᠢᠶᠠᠷ᠂ ᠴᠢᠩ ᠱᠦᠢ ᠾᠧ ᠰᠢᠶᠠᠨ ︽ᠳᠤᠮᠳᠠᠳᠤ | ᠤᠯᠤᠰ ᠤᠨ ᠦᠨᠦᠷᠲᠦ ᠨᠠᠷᠢᠮᠤ ᠶᠢᠨ ᠨᠤᠲᠤᠭ︾ ︽ᠳᠤᠮᠳᠠᠳᠤ ᠤᠯᠤᠰ ᠤᠨ ᠬᠠᠷ᠎ᠠ ᠰᠢᠯᠦᠬᠡᠢ ᠶᠢᠨ ᠨᠤᠲᠤᠭ︾ ᠤᠨ ᠨᠠᠷᠠᠲᠤ ᠲᠡᠮᠳᠡᠭ ᠤᠨ ᠦᠢᠯᠡᠴᠢᠯᠡᠭᠡᠨ ᠤ | ᠭᠡᠷᠡᠴᠢᠯᠡᠯ ᠤᠨ ᠦᠨᠡᠮᠯᠡᠯ ᠢ ᠣᠯᠣᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ᠴᠢᠩ ᠱᠦᠢ ᠾᠧ ᠰᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠮᠤᠵᠢ ᠶᠢᠨ ᠥᠪᠥᠷ ᠮᠣᠩᠭᠤᠯ ᠳᠤ ᠳᠤᠷᠠᠳᠤᠭᠰᠠᠨ ︽ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ︾ | ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠤ ᠲᠥᠪ ᠤᠨ ︽ᠰᠦᠨ ᠦᠢᠯᠡᠰ᠂ ᠡᠪᠡᠰᠦᠨ ᠦᠷ᠎ᠡ ᠶᠢᠨ | ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ | ᠰᠦᠷᠦᠭᠵᠢᠯ ᠢ ᠪᠣᠶᠢᠵᠢᠭᠤᠯᠬᠤ︾ ᠬᠠᠷᠯᠲᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂ ︽ᠠᠮᠢ ᠠᠬᠤᠢ ᠪᠠᠷ ᠰᠢᠶᠠᠨ ᠢ ᠬᠥᠭᠵᠢᠭᠦᠯᠬᠦ︾ ᠶᠡᠷᠦᠩᠬᠡᠢ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠯᠢᠭᠲᠤ ᠵᠢᠵᠢᠭ ᠬᠤᠯᠢᠮᠠᠭ ᠠᠮᠤ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ︽ | ᠪᠣᠬᠢᠷᠳᠤᠯ ᠦᠭᠡᠢ ᠬᠤᠯᠢᠮᠠᠭ ᠠᠮᠤ ᠶᠢᠨ ᠰᠢᠶᠠᠨ︾ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ | ᠬᠤᠯᠢᠮᠠᠭ ᠠᠮᠤ ᠶᠢᠨ ᠦᠢᠯᠡᠳᠪᠦᠷᠢᠯᠡᠯ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠨᠡᠷᠡᠲᠦ ᠲᠡᠮᠳᠡᠭᠵᠢᠯᠲᠡ ᠶᠢᠨ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠯᠤᠰ ᠤᠨ ᠲᠠᠰ ᠤᠨ ᠲᠣᠯᠣᠭᠠᠶᠢᠯᠠᠭᠴᠢ ᠡᠳ᠋ᠰᠢᠭᠦᠯᠬᠦ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ | ᠲᠣᠯᠣᠭᠠᠶᠢᠯᠠᠭᠴᠢ ᠡᠳ᠋ᠰᠢᠭᠦᠯᠬᠦ ᠠᠵᠤ ᠠᠬᠤᠶᠢᠯᠠᠯ 1᠂ ᠬᠤᠲᠠ ᠶᠢᠨ ᠲᠠᠰ ᠤᠨ ᠲᠣᠯᠣᠭᠠᠶᠢᠯᠠᠭᠴᠢ ᠡᠳ᠋ᠰᠢᠭᠦᠯᠬᠦ ᠠᠵᠤ ᠠᠬᠤᠶᠢᠯᠠᠯ 3 ᠶᠢ ᠪᠣᠶᠢᠵᠢᠭᠤᠯᠪᠠ᠃ | 2017 ᠣᠨ ᠳᠤ ︽ᠴᠢᠩ ᠱᠦᠢ ᠾᠧ ᠶᠢᠨ ᠵᠢᠵᠢᠭ ᠦᠨᠦᠷᠲᠦ ᠠᠮᠤ︾ ︽ᠴᠢᠩ ᠱᠦᠢ ᠾᠧ ᠶᠢᠨ ᠬᠠᠷ᠎ᠠ ᠰᠢᠯᠦᠬᠡᠢ︾ ᠤᠯᠤᠰ ᠤᠨ ᠭᠠᠵᠠᠷ ᠵᠦᠢ ᠶᠢᠨ | ᠭᠡᠷᠡᠴᠢᠯᠡᠯ ᠤᠨ ᠲᠠᠸᠠᠷ ᠤᠨ ᠲᠡᠮᠳᠡᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ 2018 ᠣᠨ ᠳᠤ ︽ᠶᠣᠣ ᠱᠠᠩ ᠲᠢᠶᠠᠨ︾ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠳᠠᠩᠰᠠᠯᠠᠭᠤᠯᠬᠤ ᠪᠠᠷ ᠭᠤᠶᠤᠴᠢᠯᠠᠵᠤ᠂ 2022 ᠣᠨ ᠳᠤ᠂ | ᠳᠤᠮᠳᠠᠳᠤ ᠤᠯᠤᠰ ᠤᠨ ︽ᠨᠢᠭᠡ ᠰᠢᠶᠠᠩ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠲᠥᠷᠥᠯ ᠵᠦᠢᠯ ᠢ ᠠᠮᠵᠢᠯᠲᠠ | ᠲᠠᠢ ᠪᠠᠷ ᠭᠤᠶᠤᠴᠢᠯᠠᠵᠤ᠂ ᠵᠢᠵᠢᠭ ᠦᠨᠦᠷᠲᠦ ᠠᠮᠤ᠂ ᠰᠢᠷ᠎ᠠ ᠪᠤᠳᠠᠭ᠎ᠠ ᠳᠤᠮᠳᠠᠳᠤ ᠤᠯᠤᠰ ᠤᠨ ︽ᠨᠢᠭᠡ ᠰᠢᠶᠠᠩ ᠨᠢᠭᠡ ᠦᠢᠯᠡᠳᠬᠦᠨ︾ ᠤ ᠦᠢᠯᠡᠳᠬᠦᠨ ᠤ | ᠭᠡᠷᠡᠴᠢᠯᠡᠯᠲᠡ ᠳᠤ ᠤᠷᠤᠭᠰᠢᠲᠠᠢ ᠪᠠᠷ ᠦᠨᠡᠯᠡᠭᠳᠡᠵᠦ᠂ ᠮᠧᠩ ᠴᠢᠩ ᠲᠠᠷᠢᠮᠠᠯ ᠤᠨ ᠰᠠᠭᠤᠷᠢᠨ ᠭᠠᠵᠠᠷ ︽2022 ᠣᠨ ᠤ ᠤᠯᠤᠰ ᠤᠨ ᠳᠡᠰ ᠤᠨ ᠠᠮᠢ | ᠠᠬᠤᠢ ᠶᠢᠨ ᠲᠠᠷᠢᠶᠠᠯᠠᠩ ᠤᠨ ᠲᠠᠯᠠᠪᠠᠶ︾ ᠪᠠᠷ ᠦᠨᠡᠯᠡᠭᠳᠡᠵᠦ᠂ ᠬᠤᠯᠢᠮᠠᠭ ᠠᠮᠤ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ | ᠪᠣᠯᠪᠠᠰᠤᠷᠠᠭᠤᠯᠤᠯᠲᠠ᠂ ᠪᠠᠶᠢᠴᠠᠭᠠᠨ ᠬᠡᠮᠵᠢᠯᠲᠡ᠂ ᠡᠵᠡᠩᠨᠡᠨ ᠪᠣᠷᠣᠯᠠᠭᠤᠯᠤᠯᠲᠠ ᠶᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ︱ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠬᠦᠷᠢᠶᠡᠯᠡᠩ | ᠲᠣᠭᠤᠷᠢᠭ ᠢ ᠪᠠᠶᠢᠭᠤᠯᠵᠤ᠂ ᠮᠠᠨ ᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠲᠡᠰ ᠳᠡᠪᠰᠢᠬᠦ ᠳᠤ ᠬᠦᠴᠦ ᠨᠡᠮᠡᠷᠢᠯᠡᠵᠦ᠂ ᠵᠢᠵᠢᠭ ᠦᠨᠦᠷᠲᠦ ᠠᠮᠤ᠂ ᠬᠠᠷ᠎ᠠ | ᠠᠮᠤ ᠰᠢᠯᠦᠬᠡᠢ ᠶᠢᠨ ᠠᠵᠤ ᠦᠢᠯᠡᠰ ᠢ ᠨᠢᠭᠡᠨᠲᠡ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠨᠴᠠᠯᠢᠭᠲᠤ ᠲᠤᠯᠭᠠᠭᠤᠷᠢ ᠠᠵᠤ ᠦᠢᠯᠡᠰ ᠪᠣᠯᠭᠠᠨ ᠬᠥᠭᠵᠢᠭᠦᠯᠪᠡ᠃ | ᠢᠷᠡᠭᠡᠳᠦᠢ ᠳᠤ᠂ ᠴᠢᠩ ᠱᠦᠢ ᠾᠧ ᠰᠢᠶᠠᠨ ᠤ ᠬᠢᠨ ︽ᠲᠠᠷᠢᠶᠠᠯᠠᠩ ᠤᠨ ᠬᠦᠴᠦᠷᠬᠡᠭ ᠤᠯᠤᠰ︾ ᠢ ᠪᠦᠲᠦᠭᠡᠨ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠡᠨᠡ ᠬᠦ ᠠᠵᠢᠯ ᠤᠨ | ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠯᠢᠮᠠᠭ | ᠠᠮᠤ ᠶᠢᠨ ᠦᠢᠯᠡᠳᠪᠦᠷᠢᠯᠡᠯ ᠤᠨ ᠳᠠᠪᠠᠭᠤᠯᠢᠭ ᠲᠤ ᠲᠦᠰᠢᠭᠯᠡᠨ᠂ ︽ᠪᠠᠲᠤᠯᠠᠬᠤ᠂ ᠰᠢᠯᠢᠳᠡᠭ ᠢ ᠡᠭᠦᠳᠬᠦ᠂ ᠦᠷ᠎ᠡ ᠠᠰᠢᠭ ᠢ ᠨᠡᠮᠡᠭᠳᠡᠭᠦᠯᠬᠦ︾ ᠪᠠᠷ ᠬᠠᠷᠠᠯᠲᠠ | ᠪᠣᠯᠭᠠᠵᠤ᠂ ︽ᠣᠨᠴᠠᠯᠢᠭ︾ ᠪᠠ ︽ᠴᠢᠨᠠᠷ ᠰᠠᠶᠢᠲᠠᠢ︾ ᠭᠡᠬᠦ ᠬᠤᠶᠠᠷ ᠵᠦᠢᠯ ᠤᠨ ᠲᠡᠮᠳᠡᠭ ᠶᠢ ᠬᠦᠴᠦᠯᠡᠨ ᠰᠠᠶᠢᠲᠤᠷ ᠪᠠᠲᠤᠯᠠᠵᠤ᠂ ᠵᠢᠵᠢᠭ ᠦᠨᠦᠷᠲᠦ ᠠᠮᠤ᠂ | ᠬᠠᠷ᠎ᠠ ᠰᠢᠯᠦᠬᠡᠢ ᠵᠡᠷᠭᠡ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠢᠶᠠᠷ ᠭᠤᠣᠯᠳᠠᠯᠭ᠎ᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠲᠡᠭᠦᠯᠳᠡᠷᠵᠢᠭᠦᠯᠬᠦ᠂ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ᠂ | ᠪᠣᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ᠂ ᠨᠡᠷᠡᠲᠦ ᠲᠡᠮᠳᠡᠭᠲᠦ ᠶᠢᠨ ᠴᠣᠭᠴᠠᠯᠠᠯᠲᠠ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ︽ᠳᠤᠮᠳᠠᠳᠤ ᠤᠯᠤᠰ ᠤᠨ ᠵᠢᠵᠢᠭ ᠦᠨᠦᠷᠲᠦ ᠠᠮᠤ ᠶᠢᠨ ᠨᠤᠲᠤᠭ︾ ︽ᠳᠤᠮᠳᠠᠳᠤ ᠤᠯᠤᠰ ᠤᠨ ᠬᠠᠷ᠎ᠠ ᠠᠮᠤ ᠰᠢᠲᠠᠭᠠᠶ ᠶᠢᠨ | ᠨᠤᠲᠤᠭ︾ ᠤᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠵᠦ᠂ ᠴᠢᠩ ᠱᠦᠢ ᠾᠧ ᠰᠢᠶᠠᠨ ᠢ ︽ᠤᠮᠠᠷᠠᠲᠤ ᠶᠢᠨ ᠬᠤᠯᠢᠮᠠᠭ ᠠᠮᠤ ᠶᠢᠨ ᠴᠢᠬᠤᠯᠠ | ᠦᠢᠯᠡᠳᠪᠦᠷᠢᠯᠡᠯ ᠤᠨ ᠰᠠᠭᠤᠷᠢᠨ ᠭᠠᠵᠠᠷ︾ ︽ᠪᠥᠬᠦ ᠤᠯᠤᠰ ᠤᠨ ᠪᠣᠬᠢᠷᠳᠤᠯ ᠦᠭᠡᠢ ᠬᠤᠯᠢᠮᠠᠭ ᠠᠮᠤ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ︾ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠣᠯᠣᠨ᠎ᠠ᠃ |