ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠵᠢᠴᠢ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/17
ᠯᠢ ᠵᠢᠶᠦ᠋ᠩ ᠣᠷᠣᠯᠴᠠᠵᠠᠢ       ︵ᠰᠤᠷᠪᠤᠯᠵᠢᠯᠠᠭᠴᠢ ᠯᠢᠦ ᠱᠠ ᠱᠠ︶ 3 ᠳ᠋ᠤᠭᠠᠷ ᠰᠠᠷ᠎ᠠ ᠶᠢᠨ 16 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠵᠢᠴᠢ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃       ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠶᠦ᠋ᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠸᠧᠨ ᠭᠧ᠂ ᠨᠠᠷᠢᠨ ᠪᠢᠴᠢᠭ ᠤᠨ ᠳᠠᠷᠤᠭ᠎ᠠ ᠸᠠᠩ ᠪᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠳᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠬᠦ ᠶᠢᠨ ᠲᠣᠭᠤᠷᠢᠨ ᠳᠤ ᠲᠤᠷᠰᠢᠯᠭ᠎ᠠ ᠪᠠᠨ ᠰᠣᠯᠢᠯᠴᠠᠪᠠ᠃      ᠯᠢ ᠵᠢᠶᠦ᠋ᠩ ᠴᠢᠬᠤᠯᠠᠴᠢᠯᠠᠭᠰᠠᠨ ᠨᠢ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠰᠢᠨ᠎ᠡ ᠪᠠᠶᠢᠳᠠᠯ ᠤᠨ ᠳᠣᠣᠷᠠᠬᠢ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠠᠨᠠᠯ ᠳᠤᠷᠠᠳᠤᠯᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ︔ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠠᠨᠠᠯ ᠳᠤᠷᠠᠳᠤᠯᠭ᠎ᠠ ᠶᠢ ᠬᠠᠷᠢᠭᠤᠯᠬᠤ ᠬᠡᠯᠪᠡᠷᠢ ᠲᠠᠢ ᠪᠠᠶᠢᠭᠰᠠᠨ ᠠᠴᠠ  ᠨᠢ ᠨᠠᠶᠢᠳᠠᠪᠤᠷᠢᠵᠢᠭᠤᠯᠬᠤ ᠬᠡᠯᠪᠡᠷᠢ ᠲᠠᠢ ᠪᠣᠯᠭᠠᠬᠤ ᠦᠨᠳᠦᠰᠦᠨ ᠬᠤᠪᠢᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠡᠢ᠃      ᠯᠢᠦ ᠴᠧᠩ ᠮᠢᠨ ᠰᠠᠨᠠᠯ ᠳᠤᠷᠠᠳᠤᠯᠭ᠎ᠠ ᠶᠢᠨ ᠠᠵᠢᠯ ᠢ ᠰᠠᠶᠢᠲᠤᠷ ᠰᠢᠢᠳᠪᠦᠷᠢᠯᠡᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ