ᠪᠣᠣ ᠭᠠᠩ ᠬᠤᠷᠠᠯ ᠳᠤ ᠣᠷᠣᠯᠴᠠᠵᠤ ᠾᠧ ᠬᠠᠢ ᠳ᠋ᠦᠩ ᠪᠠᠶᠠᠷ ᠤᠨ ᠦᠭᠡ ᠶᠠᠷᠢᠪᠠ | ︵ᠰᠤᠷᠪᠤᠯᠵᠢᠯᠠᠭᠴᠢ ᠶᠦᠨ ᠵᠢᠩ︶ ᠪᠦᠬᠦ ᠤᠯᠤᠰ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠠᠶᠢᠭ᠎ᠠ ᠴᠢᠬᠤᠯᠠ ᠴᠠᠭ ᠮᠥᠴᠡ ᠳᠤ᠂ 3 ᠳ᠋ᠤᠭᠠᠷ ᠰᠠᠷ᠎ᠠ ᠶᠢᠨ 16 ᠤ ᠡᠳᠦᠷ᠂ ᠬᠥᠬᠡᠬᠤᠲᠠ 2023 ᠣᠨ ᠤ ︽ | ᠣᠷᠣᠨ ᠤ ᠲᠥᠪ ᠢ ᠬᠦᠴᠦᠷᠬᠡᠭᠵᠢᠭᠦᠯᠵᠦ᠂ ᠢᠷᠡᠭᠡᠳᠦᠢ ᠶᠢ ᠵᠣᠷᠢᠬᠤ︾ ᠮᠥᠩᠭᠦᠨ ᠭᠦᠢᠯᠭᠡᠭᠡᠨ ᠢᠶᠠᠷ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ | ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ 4 ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ 27 ᠮᠤᠵᠢ ᠶᠢᠨ ᠲᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ 30 ᠰᠢᠬᠠᠮ ᠠᠵᠤ ᠠᠬᠤᠶᠢᠯᠠᠯ ᠬᠠᠮᠲᠤᠪᠠᠷ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠭᠤᠷᠪᠠᠨ ᠲᠠᠯ᠎ᠠ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠡᠭᠦᠨ ᠳᠤ᠂ 24 ᠪᠠᠩᠬᠢ ᠶᠢᠨ ᠪᠠᠶᠢᠭᠤᠯᠤᠮᠵᠢ 918 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠬᠤ ᠪᠠᠷ ᠲᠣᠬᠢᠷᠠᠵᠤ᠂ 200 | ᠲᠥᠷᠥᠯ ᠵᠦᠢᠯ ᠳᠤ ᠬᠤᠯᠪᠣᠭᠳᠠᠪᠠ︔ 23 ᠪᠠᠩᠬᠢ ᠶᠢᠨ ᠪᠠᠶᠢᠭᠤᠯᠤᠮᠵᠢ 571 ᠳ᠋ᠦᠩᠰᠢᠭᠤᠷ ᠲᠥᠭᠦᠷᠢᠭ ᠤᠨ ᠢᠲᠡᠭᠡᠮᠵᠢ ᠶᠢᠨ ᠭᠡᠷ᠎ᠡ ᠲᠣᠭᠲᠠᠬᠤ ᠪᠠᠷ ᠲᠥᠯᠥᠪᠯᠡᠵᠦ᠂ ᠲᠤᠬᠠᠢ ᠶᠢᠨ | ᠲᠠᠯᠠᠪᠤᠷ ᠲᠤ 23 ᠭᠤᠣᠯᠳᠠᠯᠭ᠎ᠠ ᠲᠠᠢ ᠠᠵᠤ ᠠᠬᠤᠶᠢᠯᠠᠯ ᠲᠠᠢ 206 ᠳ᠋ᠦᠩᠰᠢᠭᠤᠷ ᠲᠥᠭᠦᠷᠢᠭ ︵ᠪᠣᠳᠠᠲᠠᠶᠢᠵᠢᠭᠤᠯᠤᠭᠰᠠᠨ ᠪᠡᠯᠡ ᠮᠥᠩᠭᠦ︶ ᠤᠨ ᠢᠲᠡᠭᠡᠮᠵᠢ ᠶᠢᠨ ᠭᠡᠷ᠎ᠡ ᠲᠣᠭᠲᠠᠪᠠ | ᠃ ᠲᠣᠰ ᠤᠳᠠᠭ᠎ᠠ ᠶᠢᠨ ᠲᠥᠪᠯᠡᠷᠡᠭᠦᠯᠦᠨ ᠭᠡᠷ᠎ᠡ ᠲᠣᠭᠲᠠᠭᠰᠠᠨ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠬᠥᠬᠡᠬᠤᠲᠠ ᠳᠠᠬᠢ ᠠᠵᠤ ᠠᠬᠤᠶᠢᠯᠠᠯ ᠤᠨ ᠬᠥᠭᠵᠢᠯᠲᠡ ᠶᠢᠨ | ᠢᠲᠡᠭᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠬᠦᠴᠦᠷᠬᠡᠭ ᠣᠷᠣᠨ ᠤ ᠲᠥᠪ︾ ᠢ | ᠲᠦᠷᠭᠡᠳᠬᠡᠨ ᠪᠡᠶᠡᠯᠡᠭᠦᠯᠬᠦ ᠡᠷᠡᠰ ᠵᠣᠷᠢᠭ ᠪᠣᠯᠣᠨ ᠠᠵᠤ ᠠᠬᠤᠶᠢᠯᠠᠯ ᠳᠤ ᠦᠢᠯᠡᠴᠢᠯᠡᠬᠦ ᠦᠨᠡᠨᠴᠢ ᠰᠡᠳᠬᠢᠯ ᠢ ᠬᠠᠷᠠᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ | ᠬᠥᠭᠵᠢᠯᠲᠡ ᠶᠢᠨ ︽ᠶᠡᠭᠡ ᠤᠷᠤᠰᠬᠠᠯ︾ ᠳᠤ ᠲᠠᠰᠤᠷᠠᠯᠲᠠ ᠦᠭᠡᠢ ᠮᠥᠩᠭᠦᠨ ᠭᠦᠢᠯᠭᠡᠭᠡᠨ ᠤ ︽ᠠᠮᠢᠳᠤ ᠤᠰᠤ︾ ᠶᠢ ᠬᠤᠷᠠᠮᠳᠤᠭᠤᠯᠵᠤ ᠥᠭᠭᠦᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠠ ᠪᠦᠦ ᠭᠦᠸᠧ᠂ ᠠᠷᠠᠳ ᠤᠨ ᠪᠠᠩᠬᠢ ᠶᠢᠨ ᠬᠥᠬᠡᠬᠤᠲᠠ ᠶᠢᠨ ᠭᠤᠣᠯ ᠰᠠᠯᠪᠤᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ | ᠪᠠᠩᠬᠢ ᠶᠢᠨ ᠳᠠᠷᠤᠭ᠎ᠠ ᠶᠠᠨ ᠰᠢᠶᠠᠨ ᠳ᠋ᠦᠩ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ | ᠲᠣᠪᠴᠢᠶᠠᠨ ᠳᠠᠷᠤᠭ᠎ᠠ ᠢᠦᠢ ᠯᠢᠨ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ | ᠲᠣᠪᠴᠢᠶᠠᠨ ᠳᠠᠷᠤᠭ᠎ᠠ ᠶᠢ ᠺᠠᠢ ᠲᠣᠰ ᠲᠣᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠠᠢ ᠲᠢᠩᠬᠢᠮ ᠬᠤᠲᠠ ᠬᠠᠮᠲᠤᠪᠠᠷ | ᠪᠠᠶᠢᠭᠤᠯᠬᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠲᠡᠷᠡᠴᠢᠯᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠢᠶᠠᠷ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ ᠪᠠᠨ ᠴᠢᠩᠭᠠᠳᠬᠠᠬᠤ᠂ ᠬᠥᠬᠡᠬᠤᠲᠠ ᠭᠠᠵᠠᠷ ᠣᠷᠣᠨ ᠤ ᠮᠥᠩᠭᠦᠨ ᠭᠦᠢᠯᠭᠡᠭᠡᠨ ᠤ ᠠᠶᠤᠯᠭᠦᠢ ᠶᠢ ᠬᠠᠮᠠᠭᠠᠯᠠᠬᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠳᠤ | ᠦᠢᠯᠡᠴᠢᠯᠡᠬᠦ ᠵᠡᠷᠭᠡ ᠬᠦᠷᠢᠶᠡᠨ ᠳᠤ ᠮᠠᠨ ᠤ ᠬᠤᠳᠠ ᠳᠤ ᠳᠡᠮᠵᠢᠯᠭᠡ ᠦᠵᠡᠭᠦᠯᠵᠦ᠂ ︽ᠬᠠᠲᠠᠭᠤ ᠴᠥᠮ᠎ᠡ︾ ᠠᠷᠭ᠎ᠠ ᠬᠡᠮᠵᠢᠶ᠎ᠡ ᠪᠠᠷ ᠣᠷᠣᠨ ᠤ ᠲᠥᠪ ᠤᠨ ᠪᠣᠳᠠᠲᠤ ᠬᠦᠴᠦᠨ ᠢ | ᠴᠢᠩᠭᠠᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠰᠡᠯᠭᠦᠬᠦ ᠬᠦᠴᠦᠨ ᠢ ᠨᠡᠮᠡᠭᠳᠡᠭᠦᠯᠬᠦ ᠳᠤ ︽ᠬᠥᠰᠢᠭᠦᠷᠭᠡ︾ ᠪᠣᠯᠣᠨ᠎ᠠ ᠭᠡᠵᠦ ᠢᠯᠡᠳᠬᠡᠪᠡ᠃ | ᠴᠢᠨᠠᠷ ᠰᠠᠶᠢᠲᠠᠢ ᠲᠥᠷᠥᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠷᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ ᠮᠠᠨ ᠤ | ᠬᠤᠲᠠ ᠶᠢᠨ ᠣᠳᠣᠬᠠᠨ ᠤ ᠬᠡᠷᠡᠭᠵᠢᠭᠦᠯᠵᠦ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠪᠡ᠃ ᠣᠷᠣᠨ ᠤ ᠲᠥᠪ ᠤᠨ | ᠬᠥᠭᠵᠢᠯᠲᠡ ᠶᠢᠨ ᠡᠷᠴᠢᠮᠲᠡᠢ ᠪᠠᠶᠢᠳᠠᠯ ᠨᠢ ᠡᠯ᠎ᠡ ᠲᠣᠮᠣ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠷᠮ᠎ᠠ ᠶᠢ ᠲᠠᠲᠠᠵᠤ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠬᠠᠯᠠᠭᠤᠨ ᠥᠷᠨᠢᠯᠲᠡ ᠳᠤ ᠬᠤᠶᠢᠨ᠎ᠠ ᠬᠤᠶᠢᠨ᠎ᠠ ᠠᠴᠠ ᠪᠠᠨ ᠣᠷᠣᠯᠴᠠᠭᠤᠯᠤᠭᠰᠠᠨ ᠪᠠᠶᠢᠨ᠎ᠠ᠃ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠳᠤᠮᠳᠠᠳᠤ | ᠤᠯᠤᠰ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ 27 ᠮᠥᠩᠭᠦᠨ ᠭᠦᠢᠯᠭᠡᠭᠡᠨ ᠤ ᠪᠠᠶᠢᠭᠤᠯᠤᠮᠵᠢ ᠬᠤᠲᠠ ᠶᠢᠨ ᠵᠠᠰᠠᠭ ᠤᠨ ᠣᠷᠳᠣᠨ ᠲᠠᠢ ᠲᠤᠬᠠᠢ ᠶᠢᠨ | ᠲᠠᠯᠠᠪᠤᠷ ᠲᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ︽ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ︾ ᠢ ᠪᠣᠶᠢᠵᠢᠭᠤᠯᠬᠤ᠂ | ᠬᠤᠲᠠ ᠶᠢᠨ ᠰᠢᠨᠡᠴᠢᠯᠡᠯᠲᠡ᠂ ᠲᠦᠷᠭᠡᠨ ᠤ ᠭᠠᠯᠲᠤ ᠲᠡᠷᠭᠡ ᠰᠢᠨ᠎ᠡ ᠨᠢᠰᠬᠡᠯ ᠤᠨ ᠪᠠᠭᠤᠳᠠᠯ᠂ ᠪᠠᠷᠠᠭᠠᠨ ᠤ ᠭᠦᠢᠯᠭᠡᠭᠡᠨ ᠤ ᠬᠦᠢᠰᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠵᠠᠰᠠᠯᠲᠠ᠂ ᠡᠬᠢ ᠪᠠᠶᠠᠯᠢᠭ ᠪᠠ ᠡᠨᠧᠷᠭᠢ ᠶᠢᠨ ᠠᠷᠪᠢᠯᠠᠯᠲᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠳᠤ ᠲᠤᠰᠬᠠᠢ | ᠮᠡᠷᠭᠡᠵᠢᠯ ᠤᠨ᠂ ᠨᠠᠷᠢᠯᠢᠭ ᠣᠨᠣᠴᠠᠲᠠᠢ᠂ ᠰᠠᠭᠠᠳ ᠦᠭᠡᠢ᠂ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠮᠥᠩᠭᠦᠨ ᠭᠦᠢᠯᠭᠡᠭᠡᠨ ᠤ ᠬᠦᠴᠦᠨ | ᠵᠦᠢᠯ ᠨᠢ ᠲᠥᠷᠥᠯ ᠵᠦᠢᠯ ᠢ ᠳᠠᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠲᠥᠷᠥᠯ ᠵᠦᠢᠯ ᠢ ᠲᠣᠭᠤᠷᠢᠨ ᠡᠷᠭᠢᠯᠳᠦᠬᠦ ᠪᠣᠯᠣᠨ᠎ᠠ᠃ | ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠪᠠ᠃ ᠶᠡᠭᠡ ᠬᠤᠷᠠᠯ ᠤᠨ ᠠᠬᠤᠢ ᠲᠠᠯᠠᠪᠠᠢ ᠳᠤ᠂ ᠤᠯᠤᠰ ᠤᠨ ᠨᠡᠭᠡᠭᠡᠨ | ᠬᠥᠭᠵᠢᠭᠦᠯᠦᠯᠲᠡ ᠶᠢᠨ ᠪᠠᠩᠬᠢ ᠪᠣᠯᠣᠨ ᠢᠯᠢ ᠪᠦᠯᠦᠭᠯᠡᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠪᠣᠯᠣᠨ ᠱᠧᠩ ᠮᠦ ᠳᠡᠭᠡᠳᠦ ᠰᠢᠨᠵᠢᠯᠡᠭᠡ ᠮᠡᠷᠭᠡᠵᠢᠯ᠂ | ᠳᠤᠮᠳᠠᠳᠤ ᠤᠯᠤᠰ ᠤᠨ ᠪᠠᠩᠬᠢ ᠪᠣᠯᠣᠨ ᠵᠢᠦ ᠲᠠᠢ ᠰᠢᠨ᠎ᠡ ᠮᠠᠲ᠋ᠧᠷᠢᠶᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠲᠤᠬᠠᠢ ᠶᠢᠨ | ᠲᠠᠯᠠᠪᠠᠢ ᠳᠤ ᠢᠲᠡᠭᠡᠮᠵᠢ ᠣᠯᠭᠤᠬᠤ ᠭᠡᠷ᠎ᠡ ᠲᠣᠭᠲᠠᠵᠤ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠭᠦ | ᠬᠦᠴᠦᠨ ᠨᠡᠮᠡᠷᠢᠯᠡᠵᠡᠢ᠃ | ᠾᠧ ᠬᠠᠢ ᠳ᠋ᠦᠩ ᠪᠠᠶᠠᠷ ᠤᠨ ᠦᠭᠡᠨ ᠳᠡᠭᠡᠨ᠂ ᠤᠯᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠣᠣᠷ᠎ᠠ ᠭᠡᠷ᠎ᠡ ᠲᠣᠭᠲᠠᠭᠰᠠᠨ ᠬᠠᠮᠲᠤᠷᠠᠯᠴᠠᠬᠤ ᠵᠦᠢᠯᠡᠰ ᠢ ᠠᠯᠢ ᠬᠤᠷᠳᠤᠨ | ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠣᠷᠣᠨ ᠤ ᠲᠥᠪ ᠲᠤ ᠨᠡᠩ ᠤᠯᠠᠨ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠡᠯᠪᠡᠭ ᠪᠠᠶᠠᠯᠢᠭ | ᠬᠥᠭᠵᠢᠯᠲᠡ ᠶᠢᠨ ᠦᠷ᠎ᠡ ᠪᠦᠲᠦᠭᠡᠯ ᠭᠠᠷᠭᠠᠬᠤ ᠶᠢ ᠬᠦᠰᠡᠵᠦ ᠪᠠᠶᠢᠨ᠎ᠠ᠃ ᠬᠥᠬᠡᠬᠤᠲᠠ ᠴᠦ ᠮᠥᠩᠭᠦᠨ ᠭᠦᠢᠯᠭᠡᠭᠡᠨ ᠤ ᠶᠡᠷᠦᠩᠬᠡᠢ ᠬᠡᠯᠲᠡᠰ ᠤᠨ ᠲᠥᠪᠯᠡᠷᠡᠯ ᠤᠨ ᠲᠥᠪ ᠢ ᠪᠠᠶᠢᠭᠤᠯᠬᠤ᠂ | ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠷ | ᠳᠠᠮᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠴᠢᠩᠭ᠎ᠠ ᠪᠠᠲᠤᠯᠠᠭ᠎ᠠ᠂ ᠬᠠᠮᠤᠭ ᠤᠨ | ᠰᠠᠶᠢᠨ ᠣᠷᠴᠢᠨ ᠲᠣᠭᠤᠷᠢᠨ ᠢ ᠬᠠᠩᠭᠠᠨ᠎ᠠ ᠭᠡᠵᠡᠢ᠃ | ᠬᠤᠲᠠ ᠶᠢᠨ ᠳᠡᠳ᠋ ᠳᠠᠷᠤᠭ᠎ᠠ ᠰᠢᠦᠢ ᠱᠧᠦ ᠵᠢᠢ ᠶᠡᠭᠡ ᠬᠤᠷᠠᠯ ᠢ ᠡᠷᠭᠢᠯᠡᠵᠦ᠂ ᠮᠠᠨ ᠤ ᠬᠤᠲᠠ ᠶᠢᠨ ᠬᠤᠰᠢᠭᠤ ᠰᠢᠶᠠᠨ ᠲᠣᠭᠤᠷᠢᠭ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |