︽ᠬᠥᠬᠡᠬᠤᠲᠠ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/3/17
       ︽ᠲᠥᠰᠥᠯ︾ ᠳᠤ ︽ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠮᠥᠨ᠂ ᠪᠥᠬᠦ ᠬᠤᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠦᠨ᠎ᠡ ᠥᠷᠲᠡᠭ ᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ᠲᠥᠰᠥᠯ ᠢ ᠭᠤᠣᠯᠳᠠᠭᠤ ᠭᠤᠷᠪᠠᠨ ᠬᠡᠰᠡᠭ ᠲᠤ ᠬᠤᠪᠢᠶᠠᠨ᠎ᠠ᠃      ᠨᠢᠭᠡ᠂ ᠡᠭᠦᠷᠭᠡ ᠬᠠᠷᠠᠯᠲᠠ ᠶᠢ ᠲᠣᠳᠣᠷᠬᠠᠶᠢᠯᠠᠪᠠ᠃ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠬᠤ᠂ ᠦᠯᠡᠳᠡᠭᠡᠯ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢ ᠬᠤᠪᠢᠷᠠᠭᠤᠯᠬᠤ᠂ ᠳᠣᠣᠷ᠎ᠠ ᠠᠰᠢᠭᠯᠠᠮᠵᠢᠲᠤ ᠭᠠᠵᠠᠷ ᠤᠨ ᠦᠷᠳᠡᠭ ᠢ ᠳᠡᠭᠡᠭᠰᠢᠯᠡᠭᠦᠯᠬᠦ᠂ ᠭᠠᠵᠠᠷ ᠤᠨ ᠦᠨ᠎ᠡ ᠶᠢᠨ ᠲᠣᠬᠢᠷᠠᠭᠤᠯᠤᠨ ᠡᠵᠡᠮᠳᠡᠬᠦ ᠦᠢᠯᠡᠳᠦᠯ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠠᠮᠢᠳᠤᠯᠢᠭ ᠪᠣᠯᠭᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠬᠤᠳᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠤᠨ ᠦᠷᠳᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃      ᠬᠤᠶᠠᠷ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃ ᠪᠡᠯᠡᠳᠬᠡᠯ ᠲᠠᠷᠢᠶᠠᠨ ᠭᠠᠵᠠᠷ ᠤᠨ ᠡᠬᠢ ᠪᠠᠶᠠᠯᠢᠭ ᠢ ᠪᠠᠶᠢᠴᠠᠭᠠᠬᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠪᠠᠶᠢᠳᠠᠯ ᠢ ᠲᠣᠳᠣᠷᠬᠠᠢ ᠣᠶᠢᠯᠠᠭᠠᠪᠠ︔ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠠ ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠯᠬᠢᠨ ᠠᠬᠢᠭᠤᠯᠬᠤ ᠪᠠᠷ ᠳᠠᠮᠵᠢᠭᠤᠯᠤᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠵᠢᠷᠤᠭ︾ ᠢ ᠪᠠᠶᠢᠭᠤᠯᠤᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠵᠢᠭᠦᠯᠵᠦ᠂ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠲᠦᠷᠭᠡᠳᠬᠡᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠬᠠᠮᠢᠶᠠᠷᠴᠤ ᠡᠵᠡᠮᠳᠡᠬᠦ ᠶᠢ ᠴᠢᠩᠭᠠᠳᠬᠠᠪᠠ︔ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠶᠠᠪᠤᠳᠠᠯ ᠢ ᠲᠤᠰᠬᠠᠢ ᠵᠦᠢᠯ ᠢᠶᠠᠷ ᠢᠯᠭᠠᠷᠠᠭᠤᠯᠤᠨ ᠴᠡᠭᠴᠡᠯᠡᠬᠦ ︽ᠡᠷᠭᠢᠵᠦ ᠦᠵᠡᠬᠦ︾ ᠠᠵᠢᠯᠯᠠᠭ᠎ᠠ ᠥᠷᠨᠢᠭᠦᠯᠬᠦ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠪᠠ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠡᠷᠴᠢᠮ ᠢ ᠴᠢᠩᠭᠠᠷᠠᠭᠤᠯᠬᠤ᠂ ᠬᠤᠲᠠ ᠪᠠᠯᠭᠠᠰᠤ ᠶᠢᠨ ᠦᠯᠡᠳᠡᠭᠡᠯ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠮᠲᠤᠪᠠᠷ ᠬᠡᠷᠡᠭᠯᠡᠬᠦ ᠪᠠ ᠪᠠᠷᠢᠮᠵᠢᠶᠠᠲᠤ ᠭᠠᠵᠠᠷ ᠰᠢᠷᠣᠢ ᠶᠢᠨ ᠥᠭᠡᠷᠡᠴᠢᠯᠡᠯᠲᠡ ᠶᠢ ᠠᠬᠢᠭᠤᠯᠬᠤ᠂ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠦᠨᠡᠯᠡᠬᠦ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢ ᠬᠤᠪᠢᠷᠠᠭᠤᠯᠬᠤ᠂ ᠳᠣᠣᠷ᠎ᠠ ᠠᠰᠢᠭᠯᠠᠮᠵᠢᠲᠤ ᠭᠠᠵᠠᠷ ᠤᠨ ᠥᠷᠲᠡᠭ ᠢ ᠳᠡᠭᠡᠭᠰᠢᠯᠡᠭᠦᠯᠬᠦ᠂ ᠭᠠᠵᠠᠷ ᠰᠢᠷᠣᠢ ᠶᠢᠨ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠪᠠ ᠭᠠᠵᠠᠷ ᠰᠢᠷᠣᠢ ᠶᠢᠨ ᠨᠥᠭᠡᠴᠡᠯᠡᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠢᠶᠠᠷ ᠳᠠᠮᠵᠢᠭᠤᠯᠤᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠪᠠᠲᠤᠯᠠᠭ᠎ᠠ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃      ᠭᠤᠷᠪᠠ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠪᠡ᠃ ᠬᠤᠲᠠ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠯᠪᠠᠨ ᠭᠡᠷ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠨ᠎ᠡ᠃      ᠲᠠᠶᠢᠯᠤᠮᠵᠢ ᠬᠢᠭᠰᠡᠨ᠄ ᠵᠣᠣ ᠸᠧᠢ ᠵᠢᠶᠦ᠋ᠨ    ᠲᠠᠶᠢᠯᠤᠮᠵᠢ ᠬᠢᠬᠦ ᠤᠲᠠᠰᠤ᠄ 0471-4614906
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ