︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠵᠢᠶᠠ ᠷᠦᠢ ᠱᠧᠩ ᠹᠧᠩ ᠲᠤᠤ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ᠠᠴᠠ 2022 ᠣᠨ ᠳᠤ ᠵᠥᠪᠰᠢᠶᠡᠷᠡᠭᠳᠡᠭᠰᠡᠨ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ᠂ ᠮᠠᠨ ᠤ ᠬᠤᠳᠠ ᠶᠢᠨ 5 ᠠᠵᠤ ᠠᠬᠤᠶᠢᠯᠠᠯ ᠨᠡᠷᠡᠰ ᠲᠤ ᠣᠷᠣᠵᠤ᠂ ᠪᠦᠬᠦ ᠣᠷᠣᠨ ᠤ ᠰᠢᠨ᠎ᠡ ᠪᠠᠷ | ᠵᠥᠪᠰᠢᠶᠡᠷᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ 25% ᠢ ᠡᠵᠡᠯᠡᠵᠦ᠂ ᠨᠡᠷᠡᠰ ᠲᠤ ᠣᠷᠣᠭᠰᠠᠨ ᠲᠤᠭ᠎ᠠ ᠪᠦᠬᠦ | ᠣᠷᠣᠨ ᠤ ᠨᠢᠭᠡᠳᠦᠭᠡᠷ ᠲᠤ ᠣᠷᠣᠪᠠ᠃ 5 ᠠᠵᠤ ᠠᠬᠤᠶᠢᠯᠠᠯ ᠨᠢ ᠲᠣᠰ ᠲᠣᠰ ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠤᠨ ᠵᠦᠢᠯ ᠤᠨ ᠬᠢᠵᠠᠭᠠᠷᠲᠤ | ᠺᠣᠮᠫᠠᠨᠢ᠂ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ | ᠵᠥᠩ ᠬᠤᠸᠠᠨ ᠬᠡᠷᠡᠯ ᠴᠡᠨᠡᠭ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠬᠤᠸᠠᠨ ᠲᠠᠯᠠᠰᠲᠤ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠰᠠᠨᠰᠠᠷ ᠤᠨ ᠠᠶᠠᠯᠠᠯ ᠤᠨ ᠬᠤᠩ ᠭᠠᠩ ᠮᠧᠬᠠᠨᠢᠭ ᠤᠨ ᠬᠢᠵᠠᠭᠠᠷᠲᠤ ᠺᠣᠮᠫᠠᠨᠢ ᠪᠣᠯᠣᠨ᠎ᠠ᠃ | ᠣᠶᠢᠯᠠᠭᠠᠭᠰᠠᠨ ᠢᠶᠠᠷ᠂ ᠡᠨᠡ ᠪᠣᠯ ᠪᠥᠬᠦ ᠣᠷᠣᠨ ᠳᠤ ᠠᠩᠬ᠎ᠠ ᠤᠳᠠᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ | ᠦᠨᠡᠮᠰᠢᠯ ᠬᠢᠵᠦ ᠪᠠᠶᠢᠭ᠎ᠠ ᠶᠠᠪᠤᠳᠠᠯ ᠪᠣᠯᠣᠨ᠎ᠠ᠃ | ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠢᠳᠡᠪᠬᠢᠲᠡᠢ ᠨᠡᠶᠢᠲᠡᠯᠡᠵᠦ᠂ ᠱᠠᠲᠤ ᠳᠠᠷᠠᠭᠠᠯᠠᠨ ᠬᠥᠮᠥᠵᠢᠭᠦᠯᠬᠦ ᠪᠠᠷ ᠭᠠᠷᠳᠠᠴᠠ ᠪᠣᠯᠭᠠᠨ᠂ ︽ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ︱ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ︱ ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ︾ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠱᠠᠲᠤᠯᠠᠨ ᠪᠣᠶᠢᠵᠢᠭᠤᠯᠬᠤ ᠪᠦᠲᠦᠴᠡ ᠶᠢ ᠢᠳᠡᠪᠬᠢᠲᠡᠢ | ᠪᠠᠶᠢᠭᠤᠯᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠶᠢᠯᠠᠯ ᠤᠨ ᠳᠠᠰᠤᠷᠠᠯᠳᠠ ᠦᠭᠡᠢ | ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠳᠡᠰ ᠳᠡᠪᠰᠢᠬᠦ ᠶᠢ | ᠬᠥᠲᠥᠯᠥᠨ ᠳᠠᠭᠠᠭᠤᠯᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠳᠤ ᠬᠦᠴᠦᠲᠡᠢ | ᠲᠤᠯᠭᠠᠭᠤᠷᠢᠯᠠᠯ ᠬᠠᠩᠭᠠᠵᠠᠢ᠃ ᠣᠲᠣ ᠪᠣᠯᠲᠠᠯ᠎ᠠ᠂ ᠮᠠᠨ ᠤ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 465 ᠪᠠᠶᠢᠵᠤ᠂ ᠪᠥᠬᠦ ᠣᠷᠣᠨ ᠤ | 29.5% ᠶᠢ ᠡᠵᠡᠯᠡᠵᠦ᠂ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 413 | ᠪᠠᠶᠢᠵᠤ᠂ ᠪᠥᠬᠦ ᠣᠷᠣᠨ ᠤ 25.9% ᠶᠢ ᠡᠵᠡᠯᠡᠵᠦ᠂ ᠵᠠᠯᠭᠠᠵᠤ ᠣᠷᠣᠯᠠᠬᠤ ᠨᠢ ᠡᠮᠬᠢ ᠵᠢᠷᠤᠮ ᠲᠠᠢ᠂ ᠲᠠᠰ ᠳᠠᠷᠠᠭ᠎ᠠ ᠲᠠᠢ ᠠᠬᠢᠵᠤ᠂ ᠬᠠᠮᠲᠤ ᠪᠠᠷ ᠬᠥᠭᠵᠢᠭᠰᠡᠨ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠰᠢᠨ᠎ᠡ ᠪᠠᠶᠢᠷᠢᠰᠢᠯ ᠢ ᠪᠣᠶ ᠪᠣᠯᠭᠠᠪᠠ᠃ |