ᠮᠠᠨ ᠤ ᠬᠤᠲᠠ ᠬᠡᠪᠯᠡᠵᠦ ᠳᠠᠷᠤᠮᠠᠯᠯᠠᠵᠤ ᠲᠠᠷᠬᠠᠭᠠᠬᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/2
       ︵ᠰᠤᠷᠪᠤᠯᠵᠢᠯᠠᠭᠴᠢ ᠮᠢᠶᠣᠣ ᠴᠢᠩ ᠳᠠᠳᠤᠯᠭ᠎ᠠ ᠶᠢᠨ ᠰᠤᠷᠪᠤᠯᠵᠢᠯᠠᠭᠴᠢ ᠷᠦᠩ ᠬᠤᠩ ᠬᠤᠩ︶ 2 ᠳ᠋ᠤᠭᠠᠷ ᠰᠠᠷ᠎ᠠ ᠶᠢᠨ 28 ᠤ ᠡᠳᠦᠷ᠂ ᠬᠤᠳᠠ ᠶᠢᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ ᠠᠴᠠ ᠬᠤᠳᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠬᠡᠪᠯᠡᠵᠦ ᠳᠠᠷᠤᠮᠠᠯᠯᠠᠵᠤ ᠲᠠᠷᠬᠠᠭᠠᠬᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠪᠣᠯᠣᠨ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠪᠠᠶᠢᠴᠠᠭᠠᠯᠲᠠ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠯᠭ᠎ᠠ ᠶᠢᠨ ᠬᠡᠪᠯᠡᠯ ᠤᠨ ᠦᠢᠯᠡᠳᠪᠦᠷᠢ᠂ ᠰᠢᠨ᠎ᠡ ᠬᠤᠳᠠ ᠲᠣᠭᠤᠷᠢᠭ ᠤᠨ ᠰᠢᠨ ᠬᠤᠢ ᠨᠣᠮ ᠤᠨ ᠳᠡᠯᠭᠡᠭᠦᠷ ᠵᠡᠷᠭᠡ ᠭᠠᠵᠠᠷ ᠲᠤ ᠬᠦᠷᠴᠦ᠂ ᠬᠡᠪᠯᠡᠵᠦ ᠳᠠᠷᠤᠮᠠᠯᠯᠠᠵᠤ ᠲᠠᠷᠬᠠᠭᠠᠬᠤ ᠡᠵᠡᠩᠨᠡᠯᠲᠡ ᠶᠢᠨ ᠭᠤᠣᠯ ᠴᠣᠭᠴᠠ ᠶᠢᠨ ᠬᠤᠯᠪᠣᠭᠳᠠᠯ ᠪᠦᠬᠦᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠬᠠᠤᠯᠢ ᠪᠤᠰᠤ ᠬᠡᠪᠯᠡᠭᠳᠡᠬᠦᠨ ᠢ ᠬᠡᠪᠯᠡᠭᠰᠡᠨ᠂ ᠬᠤᠳᠠᠯᠳᠤᠭᠰᠠᠨ᠂ ᠲᠠᠷᠬᠠᠭᠠᠭᠰᠠᠨ ᠪᠤᠶᠤ ᠬᠡᠪᠯᠡᠭᠳᠡᠬᠦᠨ ᠢ ᠬᠤᠯᠠᠭᠠᠶᠢᠯᠠᠵᠤ ᠬᠡᠪᠯᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ᠂ ᠠᠶᠤᠯᠭᠦᠢ ᠶᠢᠨ ᠲᠤᠨᠤᠭ ᠲᠥᠬᠦᠭᠡᠷᠦᠮᠵᠢ ᠨᠢ ᠪᠦᠷᠢᠨ ᠪᠦᠲᠦᠨ ᠪᠠᠶᠢᠬᠤ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠡᠵᠡᠩᠨᠡᠭᠴᠢ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠤ ᠲᠤᠰ ᠨᠢᠭᠡᠴᠡ ᠶᠢᠨ ᠢᠶᠠᠨ ᠠᠶᠤᠯᠭᠦᠢ ᠶᠢᠨ ᠲᠥᠬᠦᠭᠡᠷᠦᠮᠵᠢ ᠶᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠡᠰᠡᠬᠦ ᠶᠢ ᠯᠠᠪᠯᠠᠨ ᠠᠰᠠᠭᠤᠪᠠ᠃ ᠪᠠᠶᠢᠴᠠᠭᠠᠬᠤ ᠳᠤᠭᠤᠶᠢᠯᠠᠩ ᠠᠴᠠ ᠬᠡᠪᠯᠡᠭᠳᠡᠬᠦᠨ ᠤ ᠡᠵᠡᠩᠨᠡᠭᠴᠢ ᠪᠣᠯᠣᠨ ᠬᠡᠪᠯᠡᠯ ᠤᠨ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠡᠯᠡ ᠮᠥᠩᠭᠦ᠂ ᠡᠳ᠋ ᠪᠣᠳᠠᠰ᠂ ᠮᠡᠷᠭᠡᠵᠢᠯ᠂ ᠠᠵᠢᠯᠲᠠᠨ ᠤ ᠣᠷᠣᠭᠤᠯᠤᠯᠲᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠵᠠᠯᠭᠠᠭᠠᠳ ᠮᠠᠨ ᠤ ᠬᠤᠲᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠣᠷᠣᠨ ᠤ ᠲᠥᠪ ᠤᠨ ᠬᠡᠪᠯᠡᠵᠦ ᠳᠠᠷᠤᠮᠠᠯᠯᠠᠵᠤ ᠲᠠᠷᠬᠠᠭᠠᠬᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠰᠣᠶᠣᠯ ᠤᠨ ᠵᠠᠬ᠎ᠠ ᠳᠡᠯᠭᠡᠭᠦᠷ ᠤᠨ ᠠᠶᠤᠯᠭᠦᠢ ᠠᠷᠢᠭᠤᠨ ᠴᠡᠪᠡᠷ ᠪᠠᠶᠢᠬᠤ ᠶᠢ ᠦᠨᠡᠨ ᠬᠦ ᠪᠠᠲᠤᠯᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ